ᠲᠠᠶᠢᠹᠤᠰᠧ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/4/24
  4 ᠰᠠᠷ᠎ᠠ ᠶᠢᠨ 20᠎ ᠤ ᠡᠳᠦᠷ᠂ ᠲᠠᠶᠢᠹᠤᠰᠧ ᠬᠤᠰᠢᠭᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠭᠢᠯᠠᠨ᠂ ᠲᠡᠳ᠋ ᠬᠤᠰᠢᠭᠤ ᠳᠠᠷᠤᠭ᠎ᠠ ᠯᠢ ᠵᠠᠨ ᠪᠦᠦ ᠬᠤᠷᠠᠯ ᠳᠤ ᠤᠷᠤᠯᠴᠠᠪᠠ᠃ ᠬᠤᠷᠠᠯ ᠠᠴᠠ᠂ ᠪᠦᠬᠦ ᠬᠤᠰᠢᠭᠤ ᠪᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠨ ᠠᠳᠬᠤᠵᠤ᠂ ᠨᠢᠭᠡᠳᠦᠯᠲᠡᠢ ᠲᠦᠯᠦᠪᠵᠢᠬᠦᠯᠭᠡ ᠵᠤᠬᠢᠴᠠᠭᠤᠯᠭ᠎ᠠ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠲᠦᠷᠦᠯ ᠵᠦᠢᠯ ᠤᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ᠂ ᠰᠢᠵᠢᠷ ᠠᠯᠳᠠᠨ ᠬᠤᠭᠤᠴᠠᠭ᠎ᠠ ᠶᠢ ᠴᠢᠩᠭ᠎ᠠ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠨ᠂ ᠡᠯ᠎ᠡ ᠵᠦᠢᠯ ᠤᠨ ᠡᠭᠦᠷᠭᠡ ᠬᠠᠷᠠᠯᠲᠠ ᠶᠢ ᠠᠮᠵᠢᠯᠲᠠ ᠲᠠᠢ ᠪᠡᠶᠡᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠨ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠦᠷᠦᠯ ᠵᠦᠢᠯ ᠢ ᠲᠠᠭᠠᠭᠠᠴᠢᠯᠠᠵᠤ ᠠᠪᠤᠭᠰᠠᠨ ᠠᠵᠤ ᠠᠬᠤᠶᠢᠯᠠᠯ ᠤᠳ ᠨᠢ  ᠲᠠᠭᠠᠭᠠᠴᠢᠯᠠᠭᠰᠠᠨ ᠲᠦᠷᠦᠯ ᠵᠦᠢᠯ ᠢ ᠪᠤᠰᠤᠳ ᠲᠤ ᠰᠢᠯᠵᠢᠭᠦᠯᠦᠨ ᠳᠠᠭᠠᠭᠠᠴᠢᠯᠠᠭᠤᠯᠬᠤ ᠪᠤᠶᠤ ᠬᠤᠳᠠᠯᠳᠤᠨ ᠦᠭᠴᠦ ᠪᠤᠯᠬᠤ ᠦᠬᠡᠢ᠃ ᠠᠵᠢᠯ ᠤᠯᠭᠤᠵᠤ ᠬᠠᠪᠰᠤᠷᠤᠨ ᠲᠡᠳᠬᠦᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠢ  ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠦᠴᠦ ᠬᠥᠳᠡᠯᠮᠦᠷᠢ ᠣᠷᠣᠭᠤᠯᠬᠤ ᠬᠡᠯᠪᠡᠷᠢ ᠪᠠᠷ ᠲᠥᠷᠥᠯ ᠵᠦᠢᠯ ᠤᠨ ᠪᠠᠶᠢᠭᠤᠯᠤᠯᠲᠠ ᠪᠠ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠭᠤᠯᠵᠤ᠂ ᠣᠯᠠᠨ ᠲᠦᠮᠡᠨ ᠢ ᠬᠠᠪᠰᠤᠷᠤᠨ ᠣᠶᠢᠷ᠎ᠠ ᠬᠠᠪᠢ ᠳᠤᠨᠢ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠬᠦᠯᠬᠦ ᠭᠡᠷᠡᠭᠳᠡᠢ᠃  ᠲᠦᠷᠦᠯ ᠵᠦᠢᠯ ᠢ ᠲᠠᠭᠠᠭᠠᠴᠢᠯᠠᠵᠤ ᠠᠪᠤᠭᠰᠠᠨ ᠠᠵᠤ ᠠᠬᠤᠶᠢᠯᠠᠯ ᠤᠳ ᠨᠢ ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠢᠶᠠᠷ  ᠤᠷᠤᠯᠴᠠᠨ᠂ ᠲᠤᠰ ᠭᠠᠵᠠᠷ ᠤᠷᠤᠨ ᠤ ᠦᠢᠯᠡᠳᠬᠦᠨ ᠢ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ᠂ ᠶᠠᠰᠤ ᠴᠢᠨᠠᠷ ᠦᠨ᠎ᠡ ᠬᠠᠩᠰᠢ ᠨᠢ ᠲᠡᠮᠡᠢ ᠵᠦᠷᠢᠬᠦ ᠦᠬᠡᠢ ᠪᠠᠶᠢᠳᠠᠯ ᠳᠤ ᠲᠤᠰ ᠭᠠᠵᠠᠷ ᠤᠨ ᠠᠵᠤ ᠠᠬᠤᠶᠢᠯᠠᠯ  ᠎ ᠤᠨ ᠦᠢᠯᠡᠳᠪᠦᠷᠢᠯᠡᠭᠰᠡᠨ ᠴᠠᠬᠢᠯᠭᠠᠨ ᠤᠲᠠᠰᠤ ᠴᠠᠬᠢᠯᠭᠠᠨ ᠳᠡᠭᠡᠰᠦ ᠵᠡᠷᠭᠡ ᠦᠢᠯᠡᠳᠬᠦᠨ ᠢ ᠬᠡᠷᠡᠭᠯᠡᠬᠦ ᠶᠢ ᠡᠩ ᠲᠡᠷᠢᠭᠦᠨ ᠎ ᠳᠤ ᠪᠣᠳᠣᠯᠬᠢᠯᠠᠬᠤ ᠬᠡᠷᠡᠭᠲᠡᠢ᠃ ᠪᠠᠷᠢᠯᠭ᠎ᠠ ᠶᠢᠨ ᠠᠵᠤ ᠠᠬᠤᠶᠢᠯᠠᠯ ᠨᠢ ᠲᠦᠰᠦᠪ ᠲᠥᠯᠥᠪᠯᠡᠭᠡ ᠶᠢ ᠴᠢᠩᠭ᠎ᠠ ᠵᠢᠷᠤᠮᠯᠠᠨ  ᠪᠠᠷᠢᠯᠭ᠎ᠠ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠰᠤᠮᠤ ᠰᠢᠶᠠᠩ ᠪᠠᠯᠭᠠᠰᠤ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠲᠤᠰᠬᠠᠢ  ᠴᠡᠭᠴᠡᠯᠡᠯᠳᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠤᠰᠤ᠂ ᠴᠠᠬᠢᠯᠭᠠᠨ ᠵᠡᠷᠭᠡ ᠲᠦᠬᠦᠭᠡᠷᠦᠮᠵᠢ ᠶᠢ ᠡᠮᠬᠢ ᠵᠢᠷᠤᠮ ᠲᠠᠢ ᠪᠠᠷ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ ᠪᠤᠴᠠᠭᠠᠨ ᠠᠪᠴᠢᠷᠠᠬᠤ ᠬᠡᠷᠡᠭᠲᠡᠢ᠃ ᠬᠢᠨᠠᠨ ᠬᠠᠮᠢᠶᠠᠷᠬᠤ ᠨᠢᠭᠡᠴᠡ᠂ ᠪᠠᠷᠢᠯᠭ᠎ᠠ ᠶᠢᠨ ᠠᠵᠤ ᠠᠬᠤᠶᠢᠯᠠᠯ ᠨᠢ ᠪᠠᠷᠢᠯᠭ᠎ᠠ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠪᠠᠷᠢᠯᠭ᠎ᠠ ᠶᠢᠨ ᠠᠬᠢᠴᠠ ᠪᠠ ᠶᠠᠰᠤ ᠴᠢᠨᠠᠷ ᠢ ᠪᠠᠲᠤᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠲᠠᠷᠢᠶᠠᠯᠠᠩ  ᠎ ᠳᠤ ᠰᠠᠭᠠᠳ ᠪᠤᠯᠭᠠᠬᠤ ᠦᠭᠡᠢ ᠪᠠᠷ ᠥᠨᠳᠥᠷ ᠪᠦᠲᠦᠮᠵᠢᠲᠡᠶ ᠠᠬᠢᠭᠤᠯᠬᠤ ᠬᠡᠷᠡᠭᠲᠡᠢ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠲᠥᠷᠥᠯ ᠵᠦᠢᠯ ᠤᠨ ᠪᠠᠶᠢᠭᠤᠯᠤᠯᠲᠠ ᠶᠢᠨ ᠪᠥᠬᠦ ᠶᠠᠪᠤᠴᠠ ᠳᠤ ᠴᠢᠩᠭ᠎ᠠ ᠬᠢᠨᠠᠯᠲᠠ ᠲᠠᠯᠪᠢᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠳᠡᠭᠡᠳᠦ ᠱᠠᠲᠤ ᠲᠠᠢ ᠬᠠᠷᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠪᠦᠳᠦᠮᠵᠢᠳᠡᠢ ᠭᠡᠷᠡᠭᠯᠡᠭᠡ ᠶᠢ ᠪᠠᠳᠤᠯᠠᠨ᠂ ᠬᠢᠨᠠᠨ ᠪᠤᠳᠤᠬᠤ ᠰᠠᠯᠠᠭ᠎ᠠ ᠮᠥᠴᠢᠷ ᠎ ᠨᠢ ᠬᠢᠨᠠᠨ ᠪᠤᠳᠤᠵᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠱᠠᠭᠠᠷᠳᠠᠨ ᠪᠠᠶᠢᠴᠠᠭᠠᠬᠤ ᠰᠠᠯᠠᠭ᠎ᠠ ᠮᠦᠴᠢᠷ ᠎ ᠨᠢ ᠲᠥᠷᠥᠯ ᠵᠦᠢᠯ ᠤᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠨᠢᠮᠪᠠᠢ ᠱᠠᠭᠠᠷᠳᠠᠨ ᠪᠠᠶᠢᠴᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠪᠠᠷᠢᠯᠭ᠎ᠠ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号