4 ᠰᠠᠷ᠎ᠠ ᠶᠢᠨ 23 ᠤ ᠡᠳᠦᠷ᠂ ᠵᠣᠣ ᠹᠧᠢ ᠫᠧᠩ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠬᠤ | ᠨᠥᠬᠦᠳ ᠬᠤᠰᠢᠭᠤᠨ ᠤ ᠤᠯᠤᠰ ᠤᠨ ᠦᠮᠴᠢᠯᠡᠯᠳᠦ ᠣᠶ ᠰᠢᠭᠤᠢ ᠶᠢᠨ ᠲᠠᠯᠠᠪᠠᠶ ᠳᠤ ᠬᠦᠷᠴᠦ᠂ ᠪᠥᠬᠦ ᠬᠤᠰᠢᠭᠤᠨ ᠤ | ᠺᠠᠳ᠋ᠷ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠵᠤᠤ | ᠹᠧᠢ ᠫᠧᠩ ᠮᠣᠳᠣ ᠲᠠᠷᠢᠬᠤ ᠶᠢᠨ ᠳᠠᠭᠠᠤ ᠴᠢᠬᠢ ᠮᠣᠳᠣᠨ ᠤ ᠲᠦᠷᠦᠯ ᠵᠦᠢᠯ᠂ ᠢᠷᠡᠯᠲᠡ᠂ ᠦᠨ᠎ᠡ ᠬᠠᠩᠰᠢ᠂ | ᠥᠰᠦᠯᠲᠡ ᠶᠢᠨ ᠬᠤᠭᠤᠴᠠᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠤ ᠪᠠᠶᠢᠯ᠎ᠠ᠃ ᠲᠡᠷᠡ᠂ ᠰᠢᠨᠵᠢᠯᠡᠬᠦ | ᠤᠬᠠᠭᠠᠨᠴᠢ ᠪᠠᠷ ᠲᠦᠯᠦᠪᠵᠢᠬᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠢ ᠮᠣᠳᠣᠨ ᠤ | ᠲᠦᠷᠦᠯ ᠢ ᠰᠣᠩᠭᠤᠵᠤ᠂ ᠤᠢ ᠮᠣᠳᠣᠨ ᠤ ᠪᠤᠶᠢᠵᠢᠯᠳᠠ ᠶᠢᠨ ᠨᠤᠷᠮ᠎ᠠ ᠶᠢ ᠪᠠᠲᠤᠯᠠᠬᠤ ᠬᠡᠷᠡᠭᠲᠡᠢ᠃ | ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ | ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ | ᠢᠳᠡᠪᠬᠢᠲᠡᠢ ᠪᠠᠷ ᠣᠷᠣᠯᠴᠠᠭᠤᠯᠵᠤ᠂ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢ ᠶᠡᠬᠡᠪᠡᠷ | ᠠᠬᠢᠭᠤᠯᠤᠨ᠂ ᠤᠢ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠭᠡᠭᠵᠢᠯ ᠢ ᠵᠠᠰᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ | ᠠᠳᠬᠤᠵᠤ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠤᠷᠳᠤ ᠴᠠᠭᠠᠨ ᠬᠡᠷᠡᠮ ᠢ ᠰᠠᠶᠢᠲᠤᠷ ᠰᠠᠬᠢᠨ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠤᠳᠠᠭᠠᠨ ᠤ ᠠᠯᠪᠠᠨ | ᠵᠢᠷᠤᠮ ᠤᠨ ᠮᠣᠳᠣ ᠳᠠᠷᠢᠬᠤ ᠡᠬᠦᠷᠭᠡ ᠶᠢ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ | ᠱᠠᠲᠤ ᠬᠤᠪᠢᠶᠠᠵᠤ ᠵᠡᠷᠭᠡ ᠪᠠᠷ ᠠᠬᠢᠭᠤᠯᠤᠨ᠂ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠤᠷᠤᠨ ᠳᠤ ᠭᠠᠴᠤᠷ᠎ᠠ᠂ | ᠵᠢᠭᠠᠷᠲᠤ ᠨᠠᠷᠠᠰᠤ᠂ ᠮᠥᠩᠭᠦᠨ ᠤᠯᠢᠶᠠᠰᠤ ᠲᠠᠷᠢᠬᠤ ᠪᠠᠷ ᠪᠠᠶᠢᠨ᠎ᠠ᠃ ᠲᠤᠰ ᠬᠤᠰᠢᠭᠤ ᠨᠢ ᠡᠨᠡ ᠵᠢᠯ 18.97 | ᠲᠦᠮᠡᠨ ᠮᠦ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠦᠬᠦᠨ ᠢ | ᠪᠡᠶᠡᠯᠡᠭᠦᠯᠵᠦ᠂ 2 ᠲᠦᠮᠡᠨ ᠮᠦ ᠣᠶ ᠰᠢᠭᠤᠢ ᠶᠢᠨ ᠲᠠᠯᠠᠪᠠᠶ ᠶᠢ ᠰᠢᠨ᠎ᠡ ᠪᠠᠷ ᠨᠡᠮᠡᠭᠳᠡᠬᠦᠯᠦᠨ᠂ 17 ᠲᠦᠮᠡᠨ ᠮᠦ | ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠵᠦ᠂ ᠣᠶ ᠰᠢᠭᠤᠢ ᠶᠢᠨ ᠪᠦᠷᠬᠦᠴᠡ ᠶᠢ 3.7 % ᠪᠠᠷ | ᠨᠡᠮᠡᠭᠳᠡᠬᠦᠯᠬᠦ ᠪᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠬᠦᠬᠦ ᠬᠤᠷᠢᠶ᠎ᠠ | ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠪᠠᠶᠢᠭᠤᠯᠭ᠎ᠠ ᠨᠢᠬᠡᠴᠡ ᠶᠢᠨ ᠺᠠᠳ᠋ᠷ ᠠᠵᠢᠯᠲᠠᠨ ᠵᠡᠷᠭᠡ 600 ᠭᠠᠷᠤᠢ | ᠬᠦᠮᠦᠨ ᠦᠨᠦᠳᠦᠷ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠠᠢ᠃ |