ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠲᠡᠳ᠋ ᠬᠤᠰᠢᠭᠤ ᠲᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/4/24
ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂  ᠬᠤᠰᠢᠭᠤ ᠬᠠᠷᠢᠶ᠎ᠠ᠂ ᠲᠠᠶᠢᠹᠤᠰᠧ ᠳᠤ ᠰᠠᠭᠤᠭ᠎ᠠ ᠡᠯ᠎ᠡ ᠨᠢᠭᠡᠴᠡ ᠳᠤ᠄    ᠠᠵᠢᠯ ᠤᠨ ᠱᠠᠭᠠᠷᠳᠠᠯᠭ᠎ᠠ ᠪᠠ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢ ᠦᠨᠳᠦᠰᠦᠯᠡᠵᠦ᠂ ᠬᠤᠰᠢᠭᠤ ᠵᠠᠰᠠᠭ ᠤᠨ ᠣᠷᠳᠣᠨ ᠠᠴᠠ ᠶᠠᠷᠢᠯᠴᠠᠨ ᠰᠤᠳᠤᠯᠬᠤ ᠪᠠᠷ ᠲᠠᠮᠵᠢᠭᠠᠳ᠂ ᠬᠤᠰᠢᠭᠤ ᠳᠠᠷᠤᠭ᠎ᠠ ᠪᠠ ᠳᠡᠳ᠋ ᠬᠤᠰᠢᠭᠤ ᠳᠠᠷᠤᠭ᠎ᠠ ᠶᠢᠨ ᠠᠵᠢᠯ ᠡᠬᠦᠷᠭᠡ ᠶᠢ ᠲᠤᠬᠢᠷᠠᠭᠤᠯᠤᠨ ᠬᠤᠪᠢᠶᠠᠷᠢᠯᠠᠭᠰᠠᠨ ᠪᠠᠶᠢᠨ᠎ᠠ᠂  ᠡᠳᠦᠭᠡ  ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄    ᠴᠧᠨ ᠶᠠᠨ ᠪᠦᠦ   ᠬᠤᠰᠢᠭᠤ ᠲᠠᠷᠤᠭ᠎ᠠ        ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠂ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠰᠦᠨ ᠶᠠᠨ    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ    ᠬᠤᠰᠢᠭᠤ ᠳᠠᠷᠤᠭ᠎ᠠ ᠶᠢ ᠬᠠᠪᠰᠤᠷᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠳᠡᠳ᠋ ᠬᠤᠰᠢᠭᠤ ᠳᠠᠷᠤᠭ᠎ᠠ ᠯᠢ ᠵᠠᠨ ᠪᠤᠤ ᠶᠢᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ   ᠯᠦᠭᠡ ᠭᠤᠣᠯᠳᠠᠯᠭ᠎ᠠ ᠲᠠᠢ ᠬᠠᠷᠢᠯᠴᠠᠨ᠎ᠠ᠃    ᠹᠠᠨ ᠬᠤᠸᠠ ᠮᠢᠨ   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ      ᠬᠤᠰᠢᠭᠤ ᠳᠠᠷᠤᠭ᠎ᠠ ᠶᠢ ᠬᠠᠪᠰᠤᠷᠤᠨ ᠬᠤᠳᠠᠯᠳᠤᠭᠠᠨ ᠤ ᠶᠠᠪᠤᠳᠠᠯ᠂ ᠬᠠᠩᠭᠠᠨ ᠪᠣᠷᠣᠯᠠᠭᠤᠯᠬᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠳᠤᠷᠠᠯᠴᠠᠭ᠎ᠠ ᠪᠠ ᠣᠷᠣᠨ ᠪᠦᠰᠡ ᠶᠢᠨ ᠬᠠᠮᠲᠤᠷᠠᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠪᠡᠭᠡᠵᠢᠩ ᠥᠪᠥᠷ ᠮᠣᠩᠭᠤᠯ ᠤᠨ  ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠶᠢ ᠬᠤᠪᠢᠳᠠᠨ ᠬᠠᠮᠢᠶᠠᠷᠤᠨ᠎ᠠ᠃     ᠶᠢᠨ ᠶᠦᠩ ᠾᠧ   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ    ᠬᠤᠰᠢᠭᠤ ᠳᠠᠷᠤᠭ᠎ᠠ ᠶᠢ ᠬᠠᠪᠰᠤᠷᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠪᠠᠯᠭᠠᠰᠤᠨ ᠤ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠠᠢ ᠬᠠᠷᠢᠯᠴᠠᠨ᠎ᠠ᠃    ᠸᠠᠩ ᠵᠢᠤᠢ ᠰᠢ    ᠳᠡᠳ᠋ ᠬᠤᠰᠢᠭᠤ ᠳᠠᠷᠤᠭ᠎ᠠ    ᠬᠤᠰᠢᠭᠤ ᠳᠠᠷᠤᠭ᠎ᠠ ᠶᠢ ᠬᠠᠪᠰᠤᠷᠤᠨ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠴᠤ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠯᠴᠠᠨ᠎ᠠ᠃    ᠯᠢ ᠵᠠᠨ ᠪᠦᠦ    ᠳᠡᠳ᠋ ᠬᠤᠰᠢᠭᠤ ᠳᠠᠷᠤᠭ᠎ᠠ    ᠬᠤᠰᠢᠭᠤ ᠳᠠᠷᠤᠭ᠎ᠠ ᠶᠢ ᠬᠠᠪᠰᠤᠷᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ   ᠲᠧᠭᠨᠢᠭ ᠮᠡᠷᠭᠡᠵᠢᠯ᠂ ᠭᠠᠯ ᠰᠡᠷᠭᠡᠶᠢᠯᠡᠬᠦ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠲᠦᠩ ᠵᠢᠶ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠥᠸᠧ ᠷᠦᠢ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠠᠢ ᠴᠧᠩ ᠪᠠᠯᠠ ᠲᠣᠬᠢᠷᠠᠭᠤᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠴᠤ᠂ ᠬᠢᠨᠠᠨ ᠪᠤᠳᠤᠬᠤ ᠲᠣᠪᠴᠢᠶ᠎ᠠ ᠶᠢ ᠬᠠᠮᠵᠢᠨ ᠬᠠᠮᠢᠶᠠᠷᠤᠨ᠎ᠠ᠃ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠦᠷᠳᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠲᠠᠷᠢᠶᠠᠴᠢᠨ ᠡᠷᠦᠬᠡ ᠶᠢᠨ ᠪᠡᠶ᠎ᠡ ᠪᠠᠨ ᠳᠠᠭᠠᠭᠠᠭᠰᠠᠨ ᠦᠢᠯᠡᠴᠢᠯᠡᠭᠡᠨ ᠤ ᠬᠤᠷᠰᠢᠶ᠎ᠠ᠂ ᠠᠷᠠᠳ ᠤᠨ ᠪᠠᠩᠬᠢ᠂ ᠠᠵᠤ ᠦᠢᠯᠡᠳᠪᠦᠷᠢ ᠶᠢᠨ ᠪᠠᠩᠬᠢ᠂ ᠲᠠᠷᠢᠶᠠᠯᠠᠩ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ᠂ ᠰᠢᠤᠳᠠᠨ ᠪᠠᠩᠬᠢ᠂ ᠥᠪᠥᠷ ᠮᠣᠩᠭᠤᠯ ᠪᠠᠩᠬᠢ᠂  ᠲᠤᠰᠬᠤᠨ ᠪᠠᠯᠭᠠᠰᠤᠨ ᠤ ᠪᠠᠩᠬᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃    ᠡᠷᠳᠡᠨᠢᠪᠠᠭᠠᠲᠤᠷ    ᠳᠡᠳ᠋ ᠬᠤᠰᠢᠭᠤ ᠳᠠᠷᠤᠭ᠎ᠠ    ᠬᠤᠰᠢᠭᠤ ᠳᠠᠷᠤᠭ᠎ᠠ ᠶᠢ ᠬᠠᠪᠰᠤᠷᠤᠨ ᠬᠥᠭᠵᠢᠭᠦᠯᠦᠯᠲᠡ ᠥᠭᠡᠷᠡᠴᠢᠯᠡᠯᠲᠡ᠂ ᠦᠢᠯᠡᠴᠢᠯᠡᠭᠡᠨ ᠤ ᠦᠢᠯᠡᠰ᠂ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠵᠠᠮ ᠲᠡᠭᠡᠭᠡᠪᠦᠷᠢ᠂ ᠦᠨᠳᠦᠰᠦᠲᠡᠨ ᠤ ᠬᠡᠷᠡᠭ ᠶᠠᠪᠤᠳᠠᠯ᠂ ᠠᠷᠠᠳ ᠤᠨ ᠶᠠᠪᠤᠳᠠᠯ᠂ ᠭᠠᠳᠠᠭᠠᠳᠤ ᠶᠠᠪᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠯᠪᠠᠨ ᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠠᠷᠠᠳ ᠤᠨ ᠶᠠᠪᠤᠳᠠᠯ ᠤᠨ ᠲᠣᠪᠴᠢᠶ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠤᠬᠢᠶᠠᠨ ᠪᠠᠶᠢᠭᠤᠯᠤᠯᠳᠠ ᠶᠢ ᠬᠤᠪᠢᠳᠠᠨ ᠬᠠᠮᠢᠶᠠᠷᠴᠤ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠤᠷᠳᠤᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠦᠳᠠᠨ ᠤ ᠬᠤᠪᠢᠶᠠᠷᠢ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ ᠲᠠᠢ ᠬᠠᠷᠢᠯᠴᠠᠨ᠎ᠠ᠃     ᠤᠶᠤᠨᠴᠡᠴᠡᠭ   ᠳᠡᠳ᠋ ᠬᠤᠰᠢᠭᠤ ᠳᠠᠷᠤᠭ᠎ᠠ     ᠬᠤᠰᠢᠭᠤ ᠳᠠᠷᠤᠭ᠎ᠠ ᠶᠢ ᠬᠠᠪᠰᠤᠷᠤᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠲᠣᠮᠣ ᠳ᠋ᠠᠶᠢᠲ᠋ᠠ ᠶᠢᠨ ᠪᠠᠶᠢᠭᠤᠯᠤᠯᠳᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ ᠢ ᠬᠤᠪᠢᠳᠠᠨ ᠬᠠᠮᠢᠶᠠᠷᠴᠤ᠂ ᠠᠵᠢᠯᠴᠢᠨ ᠤ ᠡᠪᠯᠡᠯ᠂  ᠵᠠᠯᠠᠭᠤᠴᠤᠳ ᠤᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭ᠎ᠠ  ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠲᠠᠢ ᠬᠠᠷᠢᠯᠴᠠᠨ᠎ᠠ᠃     ᠪᠦᠦ ᠴᠢᠩ ᠱᠠᠨ    ᠳᠡᠳ᠋  ᠬᠤᠰᠢᠭᠤ ᠳᠠᠷᠤᠭ᠎ᠠ     ᠬᠤᠰᠢᠭᠤ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ᠂ ᠲᠤᠭ᠎ᠠ ᠪᠦᠷᠢᠳᠬᠡᠯ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠤᠷᠤᠨ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠴᠤ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠩᠭᠢ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠨᠠᠪᠴᠢᠨ ᠲᠠᠮᠠᠬᠢ ᠶᠢᠨ ᠬᠠᠮᠢᠶᠠᠷᠤᠯᠳᠠ ᠶᠢᠨ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠳᠠᠪᠤᠰᠤᠨ ᠤ ᠦᠶ᠋ᠯᠡᠰ ᠤᠨ ᠺᠣᠮᠫᠠᠨᠢ᠂ ᠨᠡᠬᠦᠳᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠤᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠷᠠᠳᠢᠣ᠋ ᠲᠧᠯᠸᠢᠰ ᠤᠨ ᠮᠡᠳᠡᠭᠡ ᠵᠠᠩᠭᠢ ᠶᠢᠨ ᠰᠦᠯᠵᠢᠶᠡᠨ ᠤ ᠺᠣᠮᠫᠠᠨᠢ᠂ ᠲᠡᠮᠦᠷ ᠰᠤᠪᠤᠷᠭ᠎ᠠ ᠺᠣᠮᠫᠠᠨᠢ ᠲᠠᠢ ᠬᠠᠷᠢᠯᠴᠠᠨ᠎ᠠ᠃                                                                         ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                                2024 ᠣᠨ ᠤ 4 ᠰᠠᠷ᠎ᠠ ᠶᠢᠨ 19 ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号