ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/25
  ᠪᠤᠤᠴᠠᠩ ᠭᠤᠣᠯ ᠵᠡᠷᠭᠡ ᠴᠢᠬᠤᠯᠠ ᠭᠤᠣᠯ ᠤᠨ ᠤᠷᠤᠰᠬᠠᠯ ᠤᠨ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠨ ᠬᠢᠵᠦ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠲᠦᠯᠦᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾  ᠵᠡᠷᠭᠡ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠵᠦ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨ᠎ᠠ᠄    ᠨᠢᠭᠡ᠂ ᠶᠠᠮᠠᠷᠪᠠ ᠨᠢᠭᠡᠴᠡ ᠪᠠ ᠬᠤᠪᠢ ᠬᠥᠮᠥᠨ ᠭᠤᠣᠯ ᠤᠨ ᠬᠤᠶᠠᠷ ᠡᠷᠭᠢ ᠠᠴᠠ 20 ᠮᠧᠲᠷ ᠤᠨ ᠵᠠᠢ ᠳᠤ ᠲᠦᠷ ᠴᠠᠭ ᠤᠨ ᠪᠤᠶᠤ ᠡᠭᠦᠷᠢᠳᠡ ᠶᠢᠨ ᠴᠢᠨᠠᠷᠲᠠᠢ ᠪᠠᠶᠢᠰᠢᠩ ᠪᠠᠷᠢᠯᠭ᠎ᠠ ᠪᠠᠷᠢᠵᠤ ᠪᠤᠯᠬᠤ ᠦᠬᠡᠢ᠂ ᠦᠶᠡᠷ ᠢ ᠰᠡᠷᠭᠡᠶᠢᠯᠡᠬᠦ ᠳᠤ ᠬᠠᠷᠰᠢ ᠪᠤᠯᠬᠤ ᠪᠠᠷᠢᠯᠭ᠎ᠠ ᠶᠢᠨ ᠵᠦᠢᠯ ᠢ ᠴᠢᠩᠭ᠎ᠠ ᠴᠠᠭᠠᠵᠠᠯᠠᠨ᠎ᠠ᠃   ᠬᠤᠶᠠᠷ᠂ ᠦᠶᠡᠷ ᠢ ᠰᠡᠷᠭᠡᠶᠢᠯᠡᠬᠦ ᠳᠤ ᠬᠠᠷᠰᠢ ᠪᠤᠯᠬᠤ  ᠪᠠᠷᠢᠯᠭ᠎ᠠ ᠶᠢᠨ ᠵᠦᠢᠯ ᠢ ᠨᠢᠭᠡᠨᠲᠡ ᠪᠠᠶᠢᠭᠤᠯᠤᠭᠰᠠᠨ ᠪᠣᠯ ᠲᠤᠭᠳᠠᠭᠰᠠᠨ ᠬᠤᠭᠤᠴᠠᠭᠠᠨ ᠳᠤ ᠨᠤᠷᠠᠭᠠᠵᠤ ᠨᠡᠬᠦᠯᠬᠡᠨ ᠤᠤᠯ ᠤᠨ ᠪᠠᠶᠢᠳᠠᠯ ᠢ ᠰᠡᠷᠬᠦᠬᠡᠬᠦ ᠭᠡᠷᠡᠭᠳᠡᠢ᠂  ᠲᠤᠭᠳᠠᠭᠰᠠᠨ ᠬᠤᠭᠤᠴᠠᠭᠠᠨ ᠳᠤ ᠨᠤᠷᠠᠭᠠᠵᠤ᠂ ᠰᠡᠷᠬᠦᠬᠡᠬᠦ ᠦᠭᠡᠢ ᠪᠣᠯ ᠬᠠᠤᠯᠢ ᠶᠣᠰᠣᠭᠠᠷ ᠠᠯᠪᠠᠳᠠᠵᠤ ᠨᠤᠷᠠᠭᠠᠨ᠎ᠠ᠂ ᠡᠭᠦᠨ ᠠᠴᠠ ᠪᠣᠯᠤᠭᠰᠠᠨ ᠬᠤᠬᠢᠷᠠᠯ ᠢ ᠬᠠᠤᠯᠢ ᠵᠥᠷᠢᠴᠡᠭᠰᠡᠨ ᠨᠢᠭᠡᠴᠡ ᠪᠤᠶᠤ ᠬᠤᠪᠢ ᠬᠥᠮᠥᠨ ᠦᠪᠡᠷᠳᠡᠭᠡᠨ ᠡᠭᠦᠷᠭᠡᠯᠡᠨ᠎ᠡ᠃    ᠭᠤᠷᠪᠠ᠂ ᠭᠤᠣᠯ ᠤᠨ ᠵᠠᠮ ᠢ ᠡᠵᠡᠯᠡᠨ ᠲᠠᠷᠢᠶᠠᠯᠠᠵᠤ ᠮᠠᠯᠵᠢᠬᠤ᠂ ᠭᠤᠣᠯ ᠤᠨ ᠤᠷᠤᠰᠬᠠᠯ ᠪᠠ ᠡᠷᠬᠢ ᠬᠥᠪᠡᠭᠡᠨ ᠳᠤ ᠬᠤᠭ ᠨᠣᠪᠰᠢ ᠬᠠᠶᠠᠬᠤ ᠵᠢᠴᠢ ᠳᠤᠷ᠎ᠠ ᠪᠠᠷ ᠢᠶᠠᠨ ᠮᠠᠯᠲᠠᠵᠤ ᠲᠡᠬᠦᠬᠦ ᠶᠢ ᠴᠢᠩᠭ᠎ᠠ ᠴᠠᠭᠠᠵᠠᠯᠠᠨ᠎ᠠ᠃    ᠳᠥᠷᠪᠡ᠂ ᠭᠤᠣᠯ ᠤᠨ ᠤᠶᠢᠷ᠎ᠠ ᠬᠠᠪᠢ ᠳᠤ ᠬᠠᠶᠠᠭᠳᠠᠮᠠᠯ ᠪᠤᠳᠠᠰ ᠬᠤᠷᠢᠶᠠᠬᠤ᠂ ᠨᠡᠭᠦᠷᠡᠰᠦ ᠪᠣᠷᠣᠯᠠᠭᠤᠯᠬᠤ  ᠂  ᠭᠠᠩᠨᠠᠵᠤ ᠦᠢᠯᠡᠳᠬᠦ ᠵᠡᠷᠭᠡ ᠦᠶᠡᠷ ᠰᠡᠷᠭᠡᠶᠢᠯᠡᠬᠦ ᠳᠤ ᠬᠠᠷᠰᠢ ᠪᠤᠯᠬᠤ ᠡᠯ᠎ᠡ ᠲᠦᠷᠦᠯ ᠤᠨ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠡᠷᠡᠰ ᠴᠠᠭᠠᠵᠠᠯᠠᠨ᠎ᠠ᠃ ᠨᠢᠭᠡᠨᠲᠡ ᠬᠢᠵᠦ ᠡᠬᠢᠯᠡᠭᠰᠡᠨ ᠪᠤᠯ 4 ᠰᠠᠷ᠎ᠠ ᠶᠢᠨ ᠳᠣᠲᠣᠷ᠎ᠠ ᠡᠷᠬᠡᠪᠰᠢ ᠡᠵᠡᠩᠨᠡᠯᠳᠡ ᠪᠠᠨ ᠵᠤᠭᠰᠤᠵᠤ ᠨᠡᠬᠦᠵᠦ ᠵᠠᠶᠢᠯᠠᠬᠤ ᠬᠡᠷᠡᠭᠲᠡᠢ᠂  ᠭᠡᠷᠪᠡ ᠡᠰᠡᠷᠬᠦᠴᠡᠵᠦ ᠲᠡᠪᠴᠢᠪᠡᠯ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠡᠵᠡᠩᠨᠡᠯᠳᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠬᠤ ᠶᠢᠨ ᠬᠠᠮᠲᠤ ᠠᠯᠪᠠᠳᠠᠯᠭ᠎ᠠ ᠪᠠᠷ ᠵᠣᠭᠰᠣᠭᠠᠨ᠎ᠠ᠃    ᠲᠠᠪᠤ᠂ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠱᠠᠭᠠᠷᠳᠠᠯᠭ᠎ᠠ ᠶᠣᠰᠣᠭᠠᠷ᠂ ᠣᠲᠣ ᠠᠴᠠ ᠡᠬᠢᠯᠡᠭᠡᠳ ᠬᠤᠰᠢᠭᠤ ᠲᠣᠭᠤᠷᠢᠭ ᠤᠨ ᠭᠡᠪᠴᠢᠶᠡᠨ ᠳᠤ ᠨᠡᠭᠦᠷᠡᠰᠦ ᠪᠣᠷᠣᠯᠠᠭᠤᠯᠬᠤ᠂ ᠬᠠᠶᠠᠭᠳᠠᠮᠠᠯ ᠪᠤᠳᠠᠰ ᠬᠤᠷᠢᠶᠠᠬᠤ ᠠᠵᠢᠯ ᠢ ᠡᠷᠭᠢᠯᠡᠨ ᠬᠢᠬᠦ ᠳᠤ ᠡᠷᠬᠡᠪᠰᠢ ᠨᠢᠭᠲᠠ ᠪᠢᠲᠡᠭᠦᠮᠵᠢᠯᠡᠭᠰᠡᠨ ᠬᠠᠳᠠᠭᠠᠯᠠᠬᠤ ᠲᠠᠯᠠᠪᠤᠷ ᠪᠤᠶᠤ ᠬᠦᠷᠢᠶᠡᠯᠡᠨ ᠬᠠᠰᠢᠬᠤ ᠲᠦᠬᠦᠭᠡᠷᠦᠮᠵᠢ ᠶᠢ ᠪᠦᠷᠢᠳᠦᠬᠦᠯᠦᠭᠰᠡᠨ ᠪᠠᠶᠢᠬᠤ ᠭᠡᠷᠡᠭᠳᠡᠢ᠂ ᠵᠠᠳᠠᠭᠠᠢ ᠡᠵᠡᠩᠨᠡᠬᠦ ᠶᠢ ᠴᠢᠩᠭ᠎ᠠ ᠴᠠᠭᠠᠵᠠᠯᠠᠨ᠎ᠠ᠃ ᠨᠥᠬᠦᠴᠡᠯ ᠳᠤ ᠨᠡᠶᠢᠴᠡᠬᠦ ᠦᠭᠡᠢ ᠡᠵᠡᠩᠨᠡᠯᠲᠡ ᠶᠢᠨ ᠲᠠᠯᠠᠪᠤᠷ ᠢ 4 ᠰᠠᠷ᠎ᠠ ᠶᠢᠨ ᠳᠣᠲᠣᠷ᠎ᠠ ᠴᠡᠭᠴᠡᠯᠡᠨ ᠰᠠᠶᠢᠵᠢᠷᠠᠭᠤᠯᠵᠦ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠪᠡᠯ ᠬᠠᠤᠯᠢ ᠶᠣᠰᠣᠭᠠᠷ ᠡᠵᠡᠩᠨᠡᠯᠳᠡ ᠶᠢ ᠨᠢ ᠵᠤᠭᠰᠤᠭᠠᠨ᠎ᠠ᠃ ᠣᠯᠠᠨ ᠨᠡᠶᠢᠲᠡ ᠶᠢᠨ ᠣᠷᠣᠨ ᠵᠠᠢ ᠶᠢ ᠡᠵᠡᠯᠡᠨ᠂ ᠳᠡᠭᠡᠷ᠎ᠡ ᠳᠤᠷᠠᠳᠤᠭᠰᠠᠨ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃    ᠵᠢᠷᠭᠤᠭ᠎ᠠ᠂ ᠶᠠᠮᠠᠷᠪᠠ ᠨᠢᠬᠡᠴᠡ ᠪᠠ ᠬᠤᠪᠢ ᠬᠥᠮᠥᠨ ᠭᠤᠣᠯ ᠤᠨ ᠵᠠᠮ ᠳᠤ ᠬᠤᠭ ᠨᠣᠪᠰᠢ᠂ ᠪᠣᠬᠢᠷ ᠤᠰᠤ ᠪᠤᠶᠤ ᠪᠤᠰᠤᠳ ᠬᠠᠶᠠᠭᠳᠠᠮᠠᠯ ᠪᠣᠳᠠᠰ ᠢ ᠬᠠᠶᠠᠵᠤ ᠪᠣᠯᠬᠤ ᠦᠭᠡᠢ᠃  ᠭᠤᠣᠯ  ᠎ ᠤᠨ ᠬᠤᠶᠠᠷ ᠡᠷᠬᠢ ᠪᠠᠷ ᠡᠯᠳᠡᠪ ᠶᠠᠭᠤᠮ᠎ᠠ ᠣᠪᠣᠭᠠᠯᠠᠵᠤ ᠲᠠᠯᠪᠢᠭᠰᠠᠨ ᠪᠤᠯ ᠲᠤᠰ ᠠᠯᠪᠠᠨ ᠵᠠᠷ ᠢ ᠨᠡᠶᠢᠲᠡᠯᠡᠭᠰᠡᠨ ᠤ ᠲᠠᠷᠠᠭᠠᠬᠢ 4 ᠰᠠᠷ᠎ᠠ ᠶᠢᠨ ᠳᠣᠲᠣᠷ᠎ᠠ ᠦᠪᠡᠷᠳᠡᠭᠡᠨ ᠴᠡᠪᠡᠷᠯᠡᠵᠦ ᠠᠷᠢᠯᠭᠠᠬᠤ ᠭᠡᠷᠡᠭᠳᠡᠢ᠃  ᠲᠤᠭᠳᠠᠭᠰᠠᠨ ᠬᠤᠭᠤᠴᠠᠭᠠᠨ ᠳᠤ ᠴᠡᠪᠡᠷᠯᠡᠭᠦ ᠦᠭᠡᠢ ᠪᠣᠯ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠠᠯᠪᠠᠳᠠᠯᠭ᠎ᠠ ᠪᠠᠷ ᠴᠡᠪᠡᠷᠯᠡᠵᠦ᠂ ᠪᠦᠬᠦᠶᠢᠯᠡ ᠬᠤᠬᠢᠷᠠᠯ ᠢ ᠲᠤᠬᠠᠢ ᠶᠢᠨ ᠬᠦᠮᠦᠨ ᠥᠪᠡᠷ ᠲᠡᠭᠡᠨ ᠡᠭᠦᠷᠭᠡᠯᠡᠨ᠎ᠡ᠃                                                                   ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                             2024 ᠣᠨ ᠤ 4 ᠰᠠᠷ᠎ᠠ ᠶᠢᠨ 24᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号