ᠲᠠᠶᠢᠹᠤᠰᠧ ᠬᠤᠰᠢᠭᠤ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠭᠰᠡᠨ
ᠨᠡᠶᠢᠲᠡᠯᠡᠭᠰᠡᠨ ᠴᠠᠭ᠄
2024/4/25
  ᠵᠠᠯᠠᠭᠤ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂ ᠤᠯᠤᠰ ᠲᠥᠷᠥ   ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠲᠡᠮᠡᠴᠡᠯ ᠤᠨ ᠵᠣᠷᠢᠭ ᠰᠠᠨᠠᠭ᠎ᠠ ᠶᠢ ᠬᠥᠮᠥᠵᠢᠭᠦᠯᠵᠦ᠂ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ ᠪᠣᠯᠣᠨ ᠦᠢᠯᠡᠴᠢᠯᠡᠭᠡᠨ ᠤ ᠴᠢᠳᠠᠪᠤᠷᠢ ᠶᠢ ᠤᠯᠠᠮ ᠴᠢᠩᠭᠠᠷᠠᠭᠤᠯᠬᠤ ᠶᠢᠨ ᠲᠥᠯᠥᠭᠡ᠂ 4 ᠰᠠᠷ᠎ᠠ ᠶᠢᠨ 24 ᠤ ᠡᠳᠦᠷ ᠠᠴᠠ ᠲᠠᠶᠢᠹᠤᠰᠧ ᠬᠤᠰᠢᠭᠤᠨ ᠤ ᠵᠠᠯᠠᠭᠤ ᠺᠠᠳ᠋ᠷᠴᠤᠳ ᠤᠨ ᠤᠯᠤᠰ ᠲᠥᠷᠥ   ᠶᠢᠨ ᠴᠢᠳᠠᠪᠤᠷᠢ   ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠨᠢ ᠬᠢᠴᠢᠶᠡᠯ ᠡᠬᠢᠯᠡᠵᠦ᠂ ᠪᠥᠬᠦ ᠬᠤᠰᠢᠭᠤᠨ ᠤ 35 ᠨᠠᠰᠤᠨ ᠤ ᠣᠷᠴᠢᠮ ᠤᠨ ᠰᠠᠯᠠᠭᠠᠨ ᠲᠠᠰ ᠤᠨ ᠤᠳᠤᠷᠢᠳᠬᠤ ᠺᠠᠳ᠋ᠷ ᠪᠠ ᠰᠣᠩᠭᠤᠨ ᠰᠢᠯᠵᠢᠭᠦᠯᠦᠭᠰᠡᠨ ᠰᠣᠷᠣᠭᠴᠢ ᠨᠡᠶᠢᠲᠡ 96 ᠬᠥᠮᠥᠨ ᠪᠣᠯᠪᠠᠰᠤᠷᠠᠯ ᠳᠤ ᠣᠷᠣᠯᠴᠠᠵᠠᠢ᠃  ᠪᠤᠯᠪᠠᠰᠤᠷᠠᠯ ᠡᠬᠢᠯᠡᠬᠦ ᠶᠣᠰᠣᠯᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠰᠢᠭᠤᠨ ᠤ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠵᠧᠦ ᠶᠠᠨ ᠴᠢᠩ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤ ᠺᠠᠳ᠋ᠷᠴᠤᠳ ᠲᠤ ᠳᠤᠷᠠᠳᠤᠭᠰᠠᠨ ︽ᠲᠠᠪᠤᠨ ᠤᠬᠠᠮᠰᠠᠷ︾ ᠤᠨ ᠴᠢᠬᠤᠯᠠ ᠱᠠᠭᠠᠷᠳᠠᠯᠭ᠎ᠠ ᠶᠢᠨ   ᠶᠢᠨ ᠲᠣᠭᠤᠷᠢᠨ ᠳᠤ ᠰᠤᠷᠤᠭᠴᠢᠳ ᠲᠠᠢ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ  ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠯᠧᠺᠲ᠋ᠣᠷ ᠲᠠᠩ ᠵᠧ ᠯᠢᠩ ᠠᠴᠠ ︽ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠴᠢᠮᠦᠭᠡ ᠶᠢ ᠭᠦᠨᠵᠡᠭᠡᠢ ᠡᠵᠡᠮᠳᠡᠶ᠎ᠡ︾ ᠭᠡᠬᠦ ᠰᠡᠳᠦᠪ ᠢᠶᠠᠷ ᠬᠢᠴᠢᠶᠡᠯ ᠤᠷᠤᠭᠰᠠᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠢ  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠰᠤᠷᠭᠠᠭᠤᠯᠢ ᠠᠴᠠ ᠭᠤᠤᠯᠯᠠᠨ ᠡᠷᠬᠢᠯᠡᠵᠡᠢ᠃ 5 ᠡᠳᠦᠷ ᠤᠨ ᠪᠤᠯᠪᠠᠰᠤᠷᠠᠯ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠨᠠᠮᠴᠢ ᠴᠢᠨᠠᠷ ᠤᠨ ᠬᠥᠮᠦᠵᠢᠯ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ᠂ ᠦᠨᠡᠨᠴᠢ ᠢᠲᠡᠭᠡᠮᠵᠢ ᠶᠢᠨ ᠬᠥᠮᠦᠵᠢᠯ᠂ ᠨᠢᠭᠤᠴᠠ ᠶᠢ ᠬᠠᠮᠠᠭᠠᠯᠠᠬᠤ ᠬᠥᠮᠦᠵᠢᠯ ᠵᠡᠷᠭᠡ ᠠᠭᠤᠯᠭ᠎ᠠ ᠶᠢ ᠲᠤᠬᠢᠷᠠᠭᠤᠯᠤᠭᠰᠠᠨ ᠪᠦᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠠᠤᠯᠢ ᠲᠦᠷᠢᠮ ᠳᠤ ᠰᠢᠰᠲ᠋ᠧᠮ ᠲᠠᠢ ᠲᠠᠶᠢᠯᠤᠮᠵᠢ ᠬᠢᠵᠦ᠂ ᠲᠤᠰᠬᠠᠢ ᠰᠡᠳᠦᠪ ᠢᠶᠠᠷ ᠬᠢᠴᠢᠶᠡᠯᠯᠡᠬᠦ᠂ ᠳᠤᠭᠤᠶᠢᠯᠠᠩ ᠬᠤᠪᠢᠶᠠᠵᠤ ᠰᠤᠳᠤᠯᠤᠨ ᠶᠠᠷᠢᠯᠴᠠᠬᠤ᠂  ᠰᠢᠩᠭᠡᠭᠡᠯᠲᠡ ᠦᠵᠡᠵᠦ ᠰᠤᠷᠤᠯᠴᠠᠬᠤ᠂ ᠬᠡᠷᠡᠭ ᠤᠨ ᠵᠢᠱᠢᠶ᠎ᠡ ᠪᠠᠷ ᠬᠦᠮᠦᠵᠢᠬᠦᠯᠬᠦ᠂ ᠣᠨᠣᠯ ᠤᠨ ᠰᠢᠯᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ   ᠵᠠᠯᠠᠭᠤ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠨᠢ ᠲᠡᠭᠡᠭᠰᠢᠯᠡᠬᠦᠯᠦᠨ᠂  ᠨᠠᠮ ᠳᠠᠭᠠᠨ ᠦᠨᠡᠨᠴᠢ ᠰᠢᠳᠤᠷᠭᠤ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠳᠡᠭ᠂ ᠡᠷᠳᠡᠮ ᠴᠢᠳᠠᠪᠤᠷᠢ ᠲᠠᠢ ᠬᠡᠪ ᠪᠣᠯᠪᠠᠰᠤᠷᠠᠯ ᠲᠠᠢ ᠵᠠᠯᠠᠭᠤ ᠺᠠᠳ᠋ᠷᠴᠤᠳ ᠤᠨ ᠡᠩᠨᠡᠭᠡ ᠶᠢ ᠬᠦᠮᠦᠵᠢᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号