4 ᠰᠠᠷ᠎ᠠ ᠶᠢᠨ 23 ᠤ ᠡᠳᠦᠷ ᠠᠴᠠ 24 ᠤ ᠡᠳᠦᠷ ᠬᠤᠩ ᠴᠢ ᠪᠠᠯᠭᠠᠰᠤ ᠨᠢ 2 ᠡᠳᠦᠷ ᠤᠨ ᠬᠤᠭᠤᠴᠠᠭ᠎ᠠ ᠲᠠᠢ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠵᠦ᠂ | ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠰᠤᠷᠤᠯᠴᠠᠯᠭ᠎ᠠ ᠳᠤ ᠣᠷᠣᠯᠴᠠᠪᠠ᠃ ᠨᠠᠮ ᠤᠨ ᠬᠤᠷᠢᠶᠠᠨ ᠤ | ᠱᠦᠵᠢ ᠰᠦᠨ ᠬᠠᠢ ᠹᠧᠩ ᠲᠠᠭᠠᠭᠤᠯᠤᠨ ᠰᠤᠷᠤᠯᠴᠠᠬᠤ ᠳᠠᠭᠠᠨ᠂ ᠨᠠᠮ ᠤᠨ ᠰᠠᠬᠢᠯᠭ᠎ᠠ ᠪᠠᠲᠤ ᠪᠣᠯ ᠨᠠᠮ ᠤᠨ ᠠᠮᠢᠨ | ᠰᠤᠳᠠᠰᠤ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ᠂ ᠨᠠᠮ ᠤᠨ ᠲᠡᠷᠢᠭᠦᠨ ᠤ ᠴᠢᠨᠠᠷ ᠪᠣᠯᠣᠨ ᠴᠡᠪᠡᠷ ᠴᠢᠨᠠᠷ ᠢ | ᠪᠠᠲᠤᠯᠠᠬᠤ ᠶᠢᠨ ᠴᠢᠬᠤᠯᠠ ᠪᠠᠲᠤᠯᠠᠭ᠎ᠠ ᠮᠥᠨ᠃ ᠤᠯᠠᠨ ᠢᠶᠠᠷ ᠢᠶᠠᠨ ᠡᠨᠡ ᠤᠳᠠᠭ᠎ᠠ ᠶᠢᠨ ᠨᠣᠮ ᠤᠩᠰᠢᠬᠤ | ᠠᠩᠭᠢ ᠪᠠᠷ ᠠᠵᠠ ᠲᠣᠬᠢᠶᠠᠯ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠣᠶᠢᠯᠠᠭᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠣᠰᠣ ᠳᠦᠷᠢᠮ ᠢ ᠲᠡᠷᠢᠭᠦᠨ ᠳᠤ ᠲᠠᠯᠪᠢᠵᠤ᠂ | ᠭᠤᠣᠯᠳᠠᠯᠭ᠎ᠠ ᠶᠢ ᠲᠣᠪᠤᠶᠢᠯᠭᠠᠨ᠂ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠦᠷᠢᠮ ᠢ | ᠭᠤᠣᠯᠳᠠᠯᠭ᠎ᠠ ᠲᠠᠢ ᠰᠤᠷᠤᠯᠴᠠᠨ᠂ ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠪᠠ ᠪᠣᠳᠠᠲᠠᠢ ᠱᠠᠭᠠᠷᠳᠠᠯᠭ᠎ᠠ ᠶᠢ | ᠭᠦᠨᠵᠡᠭᠡᠢ ᠣᠶᠢᠯᠠᠭᠠᠬᠤ ᠬᠡᠷᠡᠭᠲᠡᠢ᠃ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ | ᠬᠡᠷᠡᠭᠲᠡᠢ᠃ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠪᠠ ᠬᠠᠷᠢᠯᠴᠠᠨ ᠬᠢᠨᠠᠯᠲᠠ ᠲᠠᠯᠪᠢᠬᠤ ᠶᠢ ᠴᠢᠩᠭᠠᠳᠬᠠᠵᠤ᠂ | ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠵᠠᠢ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠢᠶᠠᠨ ᠶᠦᠩ᠂ ᠨᠠᠮ ᠤᠨ ᠬᠤᠷᠢᠶᠠᠨ ᠤ ᠳᠡᠳ᠋ | ᠱᠦᠵᠢ ᠾᠧ ᠭᠤᠸᠠᠨ ᠬᠤᠸᠠ ᠠᠴᠠ ᠲᠠᠭᠠᠭᠤᠯᠤᠨ ᠰᠤᠷᠤᠯᠴᠠᠬᠤ ᠶᠢᠨ ᠲᠠᠭᠠᠤ᠂ ᠰᠤᠷᠤᠯᠴᠠᠯᠭ᠎ᠠ ᠬᠥᠮᠦᠵᠢᠯ ᠢ | ᠠᠬᠢᠭᠤᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠱᠠᠭᠠᠷᠳᠠᠯᠭ᠎ᠠ ᠪᠠᠨ ᠲᠤᠷᠠᠳᠪᠠ᠃ | ᠡᠨᠡ ᠤᠳᠠᠭᠠᠨ ᠤ ᠨᠣᠮ ᠤᠩᠰᠢᠬᠤ ᠠᠩᠭᠢ ᠨᠢ ᠭᠤᠣᠯᠳᠠᠭᠤ ᠬᠤᠪᠢ ᠬᠥᠮᠥᠨ ᠲᠠᠭᠠᠭᠤᠯᠤᠨ ᠰᠤᠷᠤᠯᠴᠠᠬᠤ ᠪᠠ | ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ︽ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤᠢ ︵2024 ᠣᠨ︶︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ | ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠳᠦᠷᠢᠮ ᠢ ᠭᠤᠤᠯᠳᠠᠯᠭ᠎ᠠ ᠲᠠᠢ ᠰᠤᠷᠤᠯᠴᠠᠭᠰᠠᠨ | ᠪᠠᠶᠢᠨ᠎ᠠ᠃ |