ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 23 ᠤ ᠦᠳᠡ ᠶᠢᠨ ᠬᠤᠶᠢᠨ᠎ᠠ ᠴᠦᠩᠴᠢᠩ ᠳᠤ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ ᠲᠡᠷᠡ᠂ ᠪᠠᠷᠠᠭᠤᠨ ᠣᠷᠣᠨ ᠨᠢ ᠪᠦᠭᠦ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ | ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ ᠶᠢᠨ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠢᠮᠠᠭᠲᠠ ᠬᠤᠪᠢᠷᠠᠰᠢ ᠦᠭᠡᠢ ᠰᠠᠶᠢᠲᠤᠷ ᠠᠳᠬᠤᠵᠤ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ᠂ ᠣᠷᠣᠨ ᠪᠦᠰᠡ ᠶᠢᠨ ᠪᠦᠬᠦᠯᠢ | ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | 4 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨ᠎ᠡ | ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ | ᠰᠡᠭᠦᠳᠡᠷᠯᠡᠪᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ | ᠬᠤᠷᠠᠯ ᠳᠤ ᠣᠷᠣᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ | ᠵᠢᠶᠦ᠋ᠨ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ᠂ ᠱᠠᠨᠰᠢ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠵᠤᠤ ᠢ ᠳ᠋ᠧ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠮᠠ ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠣᠷᠣᠨ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠤᠨ ᠭᠡᠯᠪᠡᠷᠢ ᠪᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ | ᠬᠤᠷᠢᠶ᠎ᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ | ᠪᠠᠶᠢᠷᠢᠰᠢᠯ ᠢ ᠪᠦᠷᠢᠯᠳᠦᠭᠦᠯᠬᠦ ᠲᠤᠬᠠᠢ ᠪᠠᠶᠢᠷᠢᠯᠠᠭᠤᠯᠤᠯᠲᠠ ᠬᠢᠭᠰᠡᠨ 5 ᠵᠢᠯ ᠤᠨ ᠲᠤᠷᠰᠢ᠂ ᠪᠠᠷᠠᠭᠤᠨ ᠣᠷᠣᠨ ᠤ ᠠᠮᠢ ᠠᠬᠤᠢ | ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ | ᠬᠥᠭᠵᠢᠯᠲᠡ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠤ᠂ ᠠᠷᠠᠳ ᠤᠨ | ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠲᠠᠢ ᠬᠠᠮᠲᠤ ᠪᠠᠷ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠪᠠ᠃ ᠡᠭᠦᠨ ᠤ ᠬᠠᠮᠲᠤ᠂ ᠪᠠᠷᠠᠭᠤᠨ ᠣᠷᠣᠨ ᠤ ᠬᠥᠭᠵᠢᠯᠲᠡ ᠳᠤ ᠮᠥᠨ | ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠨᠡᠨ ᠬᠦ | ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠣᠨᠴᠠᠯᠢᠭᠲᠤ ᠳᠠᠪᠠᠭᠤᠯᠢᠭ ᠠᠵᠤ | ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ ᠪᠤᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠪᠠᠷᠠᠭᠤᠨ ᠣᠷᠣᠨ ᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ | ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠬᠦ ᠪᠠ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠵᠦ᠂ ᠨᠢᠭᠡ ᠪᠦᠯᠦᠭ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠴᠢᠷᠮᠠᠶᠢᠨ ᠰᠢᠪᠲᠤᠯᠬᠤ ᠬᠡᠷᠡᠭᠲᠡᠢ᠃ ᠵᠡᠭᠦᠨ ᠳᠤᠮᠳᠠ ᠪᠠᠷᠠᠭᠤᠨ ᠣᠷᠣᠨ ᠤ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ | ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠭᠤᠣᠯᠳᠠᠯᠭ᠎ᠠ ᠲᠠᠢ | ᠠᠵᠢᠯ ᠲᠦᠷᠦᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ | ᠦᠢᠯᠡᠰ ᠢ ᠲᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠪᠠ ᠦᠢᠯᠡᠳᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ | ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠷᠠᠭᠤᠨ | ᠣᠷᠣᠨ ᠯᠤᠭ᠎ᠠ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ | ᠣᠷᠣᠨ ᠪᠦᠰᠡ ᠶᠢᠨ ᠲᠤᠯᠭᠠᠭᠤᠷᠢ ᠠᠵᠤ ᠦᠢᠯᠡᠰ ᠪᠣᠯᠭᠠᠨ ᠪᠠᠶᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠦᠢᠯᠡᠳᠬᠦ | ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠰᠦᠪᠡᠭᠴᠢᠯᠡᠨ | ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠭᠠᠵᠠᠷ ᠣᠷᠣᠨ ᠤ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ | ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ ᠪᠠᠷᠢᠮᠲᠠᠯᠠᠵᠤ᠂ | ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ | ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ | ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ | ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠢ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ | ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ | ᠪᠦᠲᠦᠮᠵᠢᠲᠡᠶ ᠪᠠᠷ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ | ᠦᠷᠳᠡᠭ ᠢ ᠪᠡᠶᠡᠯᠡᠭᠦᠯᠬᠦ ᠲᠣᠭᠲᠠᠴᠠ ᠪᠠ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠴᠢᠭᠯᠡᠯ ᠤᠨ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠶᠡᠭᠡ ᠨᠡᠭᠡᠭᠡᠯᠲᠡ ᠪᠠᠷ ᠶᠡᠭᠡ | ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠠᠷᠠᠭᠤᠨ ᠣᠷᠣᠨ ᠤ ᠳᠣᠲᠣᠭᠠᠳᠤ ᠭᠠᠳᠠᠭᠠᠳᠤ | ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠪᠠᠷᠠᠭᠤᠨ ᠣᠷᠣᠨ ᠤ ᠡᠬᠡ ᠬᠠᠭᠤᠷᠠᠢ ᠪᠠ ᠳᠠᠯᠠᠢ ᠶᠢᠨ ᠰᠢᠨ᠎ᠡ | ᠨᠡᠪᠲᠡᠷᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠵᠠᠮ ᠳᠠᠭᠠᠤ ᠶᠢᠨ ᠭᠠᠵᠠᠷ ᠣᠷᠣᠨ ᠢ | ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠬᠡᠷᠡᠭᠲᠡᠢ᠃ ᠬᠢᠯᠢ ᠳᠠᠭᠠᠤ ᠭᠠᠵᠠᠷ ᠣᠷᠣᠨ ᠤ ᠡᠯ᠎ᠡ ᠲᠦᠷᠦᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ | ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠳᠤ ᠨᠡᠩ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠠᠭᠤᠰᠤᠯᠴᠠᠵᠤ᠂ ᠵᠡᠭᠦᠨ ᠳᠤᠮᠳᠠ ᠪᠠᠷᠠᠭᠤᠨ ᠣᠷᠣᠨ ᠤ | ᠨᠡᠭᠡᠭᠡᠯᠲᠡ ᠶᠢᠨ ᠲᠠᠪᠴᠠᠩ ᠤᠨ ᠵᠣᠯᠭᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠵᠡᠭᠦᠨ ᠳᠤᠮᠳᠠ ᠬᠡᠰᠡᠭ᠂ ᠵᠡᠭᠦᠨ | ᠬᠤᠶᠢᠲᠤ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ ᠰᠢ ᠶᠢᠨ ᠫᠢᠩ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ | ᠪᠠᠷᠢᠮᠲᠠᠯᠠᠵᠤ᠂ ᠡᠨᠧᠷᠭᠢ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠤᠯᠤᠰ ᠤᠨ ᠨᠢᠭᠡ ᠪᠦᠯᠦᠭ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ | ᠬᠡᠷᠡᠭᠲᠡᠢ᠃ ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ︽ᠪᠠᠷᠠᠭᠤᠨᠳᠡᠬᠢ ᠴᠠᠭᠢᠯᠭᠠᠨ ᠢ | ᠵᠡᠭᠦᠨᠰᠢ ᠬᠦᠷᠭᠡᠬᠦ︾ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠭᠤᠷᠬᠠᠢ ᠶᠢᠨ ᠡᠬᠢ ᠪᠠᠶᠠᠯᠢᠭ ᠢ ᠲᠥᠯᠥᠪᠵᠢᠭᠦᠯᠦᠨ | ᠬᠠᠮᠢᠶᠠᠷᠤᠨ ᠡᠵᠡᠮᠳᠡᠬᠦ ᠪᠠ ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠤᠯᠤᠰ ᠤᠨ | ᠲᠡᠰ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠪᠤᠯᠪᠠᠰᠤᠷᠠᠭᠤᠯᠬᠤ ᠨᠢᠭᠡ ᠪᠦᠯᠦᠭ ᠰᠠᠭᠤᠷᠢᠨ ᠢ | ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠦᠪᠰᠢᠨ ᠢ | ᠲᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ ᠠᠯᠤᠰᠯᠠᠭᠰᠠᠨ ᠠᠵᠤ ᠦᠢᠯᠡᠰ ᠤᠨ ᠬᠠᠮᠵᠢᠯᠴᠠᠭ᠎ᠠ ᠪᠠ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠡᠮᠬᠢ | ᠵᠢᠷᠤᠮ ᠲᠠᠢ ᠪᠠᠷ ᠵᠣᠯᠭᠠᠭᠤᠯᠬᠤ ᠬᠡᠷᠡᠭᠲᠡᠢ᠃ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ | ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠳᠠ ᠶᠢᠨ ᠰᠦᠷᠦᠭᠵᠢᠯ ᠢ ᠢᠳᠡᠪᠬᠢᠲᠡᠢ ᠪᠠᠷ | ᠪᠤᠶᠢᠵᠢᠭᠤᠯᠤᠨ᠂ ᠨᠢᠭᠡ ᠪᠦᠯᠦᠭ ᠮᠤᠵᠢ ᠶᠢᠨ ᠬᠡᠪᠴᠢᠶᠡᠨ ᠤ ᠳᠡᠳ᠋ ᠭᠤᠣᠯ ᠬᠤᠳᠠ ᠶᠢ ᠬᠥᠭᠵᠢᠭᠦᠯᠦᠨ ᠪᠤᠵᠠᠭᠠᠶᠢᠷᠠᠭᠤᠯᠵᠤ᠂ | ᠬᠤᠳᠠ ᠶᠢᠨ ᠬᠤᠭᠤᠷᠣᠨᠳᠣᠭᠢ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠯᠠᠨ ᠨᠡᠶᠢᠲᠡ ᠶᠢᠨ | ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ | ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ ᠬᠥᠮᠥᠨ ᠠᠮᠠ ᠪᠣᠯᠣᠨ | ᠬᠥᠭᠵᠢᠭᠡᠳᠦᠢ ᠭᠠᠵᠠᠷ ᠣᠷᠣᠨ ᠢ ᠪᠠᠶᠢᠩᠭᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠬᠡᠪᠴᠢᠶᠡᠵᠢᠯ ᠤᠨ | ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠵᠠᠭᠪᠤᠷ ᠢ ᠪᠤᠢ ᠪᠤᠯᠭᠠᠬᠤ ᠬᠡᠷᠡᠭᠲᠡᠢ᠃ ᠲᠤᠰ ᠲᠤᠰ ᠤᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ | ᠠᠵᠤ ᠠᠬᠤᠢ ᠶᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ᠂ ᠠᠵᠤ ᠦᠢᠯᠡᠳᠪᠦᠷᠢ ᠶᠢᠨ ᠲᠣᠮᠣ | ᠰᠢᠶᠠᠨ᠂ ᠵᠢᠭᠤᠯᠴᠢᠯᠠᠯ ᠤᠨ ᠨᠡᠷᠡᠳᠤ ᠰᠢᠶᠠᠨ ᠢ ᠪᠤᠶᠢᠵᠢᠭᠤᠯᠵᠤ᠂ ᠲᠠᠷᠢᠶᠠᠴᠢᠨ ᠲᠦᠮᠡᠨ ᠤ ᠣᠶᠢᠷ᠎ᠠ ᠬᠠᠪᠢ ᠳᠠᠭᠠᠨ ᠠᠵᠢᠯ | ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠳᠠ | ᠪᠠᠯᠭᠠᠰᠤᠵᠢᠯᠲᠠ ᠶᠢᠨ ᠠᠬᠢᠴᠠ ᠶᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ᠃ ᠬᠥᠳᠡᠭᠡ ᠲᠣᠰᠬᠤᠨ ᠤ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠬᠢ ᠳᠠᠳᠬᠠᠯ ᠢ ᠲᠡᠪᠴᠢᠵᠦ ᠰᠢᠨ᠎ᠡ ᠬᠡᠪ ᠰᠤᠷᠲᠠᠯ ᠢ | ᠳᠡᠯᠭᠡᠷᠡᠭᠦᠯᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠢᠳᠡᠪᠬᠢᠲᠡᠢ ᠪᠤᠢ | ᠪᠤᠯᠭᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ | ᠦᠨᠳᠦᠰᠦᠨ ᠱᠠᠲᠤᠨ ᠤ ᠲᠣᠭᠲᠠᠭᠤᠨ᠂ ᠤᠯᠠᠨ ᠲᠦᠮᠡᠨ ᠤ ᠠᠮᠤᠷ ᠠᠮᠤᠭᠤᠯᠠᠩ ᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ | ᠬᠠᠮᠠᠭᠠᠯᠠᠬᠤ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ ᠪᠠ ᠡᠯ᠎ᠡ ᠲᠠᠯ᠎ᠠ ᠳᠤ | ᠲᠤᠭᠤᠰᠢᠯᠠᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ | ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠬᠠᠷᠢᠯᠴᠠᠨ ᠠᠭᠤᠰᠤᠯᠴᠠᠭᠰᠠᠨ ᠮᠠᠶ᠋ᠢᠭ ᠤᠨ ᠨᠡᠶᠢᠭᠡᠮ ᠤᠨ ᠪᠦᠲᠦᠴᠡ ᠪᠠ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠲᠦᠷᠭᠡᠳᠬᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ | ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠮᠠᠨ ᠤ ᠤᠯᠤᠰ ᠤᠨ ᠱᠠᠰᠢᠨ ᠰᠤᠷᠲᠠᠬᠤᠨ ᠢ | ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠦᠷᠭᠦᠯᠵᠢᠯᠡᠨ | ᠵᠠᠰᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠵᠢᠭᠤᠯᠴᠢᠯᠠᠯ | ᠵᠡᠷᠭᠡ ᠠᠵᠤ ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠤᠨ ᠠᠷᠠᠳ ᠪᠠᠶᠠᠨ᠂ ᠬᠢᠯᠢ ᠶᠢᠨ ᠪᠣᠭᠤᠮᠲᠠ ᠦᠵᠡᠰᠭᠦᠯᠡᠩ | ᠰᠠᠶᠢᠬᠠᠨ᠂ ᠬᠢᠯᠢ ᠬᠢᠵᠠᠭᠠᠷ ᠲᠣᠭᠲᠠᠭᠤᠨ᠂ ᠬᠢᠯᠢ ᠬᠢᠵᠠᠭᠠᠷ ᠪᠠᠲᠤ ᠪᠠᠬᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ ᠰᠢ ᠶᠢᠨ ᠫᠢᠩ ᠬᠠᠮᠤᠭ ᠤᠨ ᠡᠴᠦᠰ ᠲᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ | ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠨᠳᠤᠯᠭᠠᠲᠤ ᠴᠢᠨᠠᠷᠲᠠᠢ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ ᠤ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ | ᠲᠦᠷᠦᠯ ᠢᠶᠠᠷ ᠢᠶᠠᠨ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ | ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠭᠦᠢᠴᠡᠳ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢᠨ | ᠦᠨᠡᠯᠡᠯᠲᠡ ᠬᠢᠵᠦ᠂ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠡᠷᠡᠰ | ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ | ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ | ᠳᠦᠷᠢᠮ ᠢ ᠲᠣᠭᠲᠠᠭᠠᠨ ᠪᠦᠷᠢᠨᠰᠢᠭᠦᠯᠵᠦ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠨᠥᠬᠦᠴᠡᠯ ᠬᠠᠲᠠᠭᠤᠵᠢᠯᠲᠠᠢ ᠭᠠᠵᠠᠷ | ᠣᠷᠣᠨ ᠤ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠺᠠᠳ᠋ᠷ ᠤᠨ ᠡᠷᠡᠮᠡᠬᠡᠶᠢᠯᠡᠨ ᠲᠠᠪᠰᠢᠬᠤ᠂ ᠵᠣᠷᠢᠭᠲᠠᠢ ᠪᠠᠷ ᠵᠠᠮ ᠨᠡᠭᠡᠭᠡᠬᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ | ᠪᠣᠳᠣᠯᠬᠢᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠲᠠᠯᠪᠢᠵᠤ ᠪᠠᠶᠢᠷᠢ ᠲᠣᠭᠲᠠᠭᠠᠨ | ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ; ᠨᠠᠷᠢᠯᠢᠬ ᠵᠦᠢᠯᠡᠰ ᠠᠴᠠ ᠭᠠᠷᠳᠠᠵᠤ᠂ ᠡᠯ᠎ᠡ | ᠭᠠᠵᠠᠷ ᠤᠨ ᠤᠤᠯ ᠠᠴᠠ ᠪᠠᠨ ᠪᠠᠶᠢᠬᠤ ᠳᠠᠪᠠᠭᠤᠯᠢᠭ ᠨᠥᠬᠦᠴᠡᠯ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠵᠥᠷᠢᠶ᠎ᠡ ᠶᠢ | ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ | ᠬᠡᠷᠡᠭᠲᠡᠢ᠃ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠪᠦᠰᠡ ᠶᠢᠨ ᠬᠥᠭᠵᠢᠯᠲᠡ ᠶᠢ ᠳᠠᠶᠢᠴᠢᠯᠠᠬᠤ ᠨᠡᠩ | ᠤᠯᠠᠨ ᠨᠡᠮᠡᠭᠳᠡᠯ ᠤᠨ ᠲᠦᠢᠯ ᠨᠡᠮᠡᠭᠳᠡᠯ ᠤᠨ ᠪᠦᠰᠡ ᠶᠢ ᠪᠤᠶᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠣᠨᠴᠠᠭᠠᠢ ᠲᠦᠷᠦᠯ ᠭᠡᠯᠪᠡᠷᠢ ᠶᠢᠨ ᠭᠠᠵᠠᠷ ᠣᠷᠣᠨ ᠤ ᠬᠥᠭᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ | ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ | ᠨᠡᠭᠡᠭᠡᠯᠲᠡ ᠶᠢ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ | ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ ᠭᠡᠵᠦ | ᠢᠯᠡᠷᠬᠡᠶᠢᠯᠡᠪᠡ᠃ ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ | ᠬᠡᠷᠡᠭᠲᠡᠢ᠃ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠰᠠᠶᠢᠲᠤᠷ | ᠡᠭᠦᠷᠭᠡᠯᠡᠵᠦ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ | ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠪᠣᠬᠢᠷᠳᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠣᠨᠣᠴᠠᠲᠠᠢ᠂ | ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ ᠤ | ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢᠨ ᠭᠡᠯᠪᠡᠷᠢ ᠶᠢᠨ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠢᠯᠡᠷᠬᠡᠶᠢᠯᠡᠪᠡ᠃ ᠯᠢ | ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ | ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ | ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ | ᠃ |