ᠲᠠᠶᠢᠹᠤᠰᠧ ᠬᠤᠰᠢᠭᠤᠨ ᠤ ᠬᠢᠨ ᠡᠭᠦᠳᠡᠨ ᠪᠥᠮᠪᠦᠭᠡ ᠶᠢᠨ ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2024/4/26
  4 ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 2024 ᠣᠨ ᠤ ᠰᠢᠯᠢ ᠶᠢᠨ ᠭᠤᠣᠯ ᠠᠶᠢᠮᠠᠭ ᠤᠨ ᠡᠮᠦᠨᠡᠲᠦ ᠲᠠᠪᠤᠨ ᠬᠤᠰᠢᠭᠤ ᠰᠢᠶᠠᠨ ᠵᠢᠴᠢ ᠬᠥᠷᠰᠢ ᠵᠡᠷᠭᠡᠯᠡᠳᠡᠭᠡ ᠭᠠᠵᠠᠷ ᠣᠷᠣᠨ ᠤ ᠡᠭᠦᠳᠡᠨ ᠪᠥᠮᠪᠦᠭᠡ  ᠶᠢᠨ ᠤᠷᠢᠯᠭ᠎ᠠ ᠶᠢᠨ ᠤᠷᠤᠯᠳᠤᠭᠠᠨ ᠲᠠᠶᠢᠹᠤᠰᠧ ᠬᠤᠰᠢᠭᠤᠨ ᠳᠤ ᠠᠮᠵᠢᠯᠲᠠ ᠲᠠᠢ ᠶᠠᠪᠤᠭᠳᠠᠯ᠎ᠠ᠃ ᠰᠢᠯᠢ ᠶᠢᠨ ᠭᠤᠣᠯ ᠠᠶᠢᠮᠠᠭ ᠤᠨ ᠡᠮᠦᠨᠡᠲᠦ ᠲᠠᠪᠤᠨ ᠬᠤᠰᠢᠭᠤ ᠰᠢᠶᠠᠨ ᠵᠢᠴᠢ ᠬᠥᠷᠰᠢ ᠵᠡᠷᠭᠡᠯᠡᠳᠡᠭᠡ ᠭᠠᠵᠠᠷ ᠣᠷᠣᠨ ᠤ 11 ᠲᠥᠯᠥᠭᠡᠯᠡᠭᠴᠢᠳ ᠤᠨ ᠠᠩᠭᠢ ᠶᠢᠨ 70 ᠭᠠᠷᠤᠢ ᠡᠭᠦᠳᠡᠨ ᠪᠥᠮᠪᠦᠭᠡ ᠶᠢᠨ ᠪᠠᠭ᠋ᠠᠳᠠᠳ ᠤᠷᠤᠯᠳᠤᠭᠠᠨ ᠳᠤ ᠣᠷᠣᠯᠴᠠᠵᠠᠢ᠃  3 ᠡᠳᠦᠷ ᠤᠨ ᠤᠷᠤᠯᠳᠤᠭᠠᠨ ᠲᠡᠮᠡᠴᠡᠭᠡᠨ ᠵᠨᠷ ᠲᠠᠮᠵᠢᠭᠠᠳ ᠰᠢᠯᠤᠭᠤᠨ ᠬᠥᠬᠡ ᠬᠤᠰᠢᠭᠤᠨ ᠤ ᠲᠥᠯᠥᠭᠡᠯᠡᠭᠴᠢᠳ ᠤᠨ ᠠᠩᠭᠢ ᠲᠡᠷᠢᠬᠦᠨ ᠳᠤ ᠰᠢᠯᠭᠠᠷᠠᠵᠤ᠂  ᠴᠢᠭᠤᠯᠤᠯᠲᠤ ᠬᠠᠭᠠᠯᠭ᠎ᠠ ᠬᠤᠲᠠ ᠶᠢᠨ ᠲᠥᠯᠥᠭᠡᠯᠡᠭᠴᠢᠳ ᠤᠨ ᠠᠩᠭᠢ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠥᠯᠥᠭᠡᠯᠡᠭᠴᠢᠳ ᠤᠨ ᠠᠩᠭᠢ ᠲᠣᠰ ᠲᠣᠰ ᠬᠤᠶᠠᠳᠤᠭᠠᠷ᠂ ᠭᠤᠷᠪᠠᠳᠤᠭᠠᠷ ᠲᠤ ᠤᠷᠤᠭᠠᠳ᠂ ᠵᠠᠩ ᠪᠧᠢ ᠰᠢᠶᠠᠨ ᠤ ᠲᠥᠯᠥᠭᠡᠯᠡᠭᠴᠢᠳ ᠤᠨ ᠠᠩᠭᠢ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠬᠦᠷᠲᠡᠵᠦ᠂ ᠲᠤᠯᠤᠨ ᠨᠤᠤᠷ ᠰᠢᠶᠠᠨ ᠤ ᠲᠥᠯᠥᠭᠡᠯᠡᠭᠴᠢᠳ ᠤᠨ ᠠᠩᠭᠢ ᠭᠡᠪ ᠰᠤᠷᠲᠠᠬᠤᠨ ᠤ ᠱᠠᠩᠨᠠᠯ ᠢ  ᠬᠦᠷᠳᠡᠭᠰᠡᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠡᠮᠦᠨᠡᠲᠦ ᠲᠠᠪᠤᠨ ᠬᠤᠰᠢᠭᠤ ᠰᠢᠶᠠᠨ ᠵᠢᠴᠢ ᠬᠥᠷᠰᠢ ᠵᠡᠷᠭᠡᠯᠡᠳᠡᠭᠡ ᠭᠠᠵᠠᠷ ᠣᠷᠣᠨ ᠤ ᠡᠭᠦᠳᠡᠨ ᠪᠥᠮᠪᠦᠭᠡ ᠶᠢᠨ ᠪᠠᠭ᠋ᠠᠳᠠᠳ ᠲᠤ ᠨᠥᠬᠦᠷᠯᠡᠯ ᠢᠶᠠᠨ ᠵᠤᠵᠠᠭᠠᠳᠬᠠᠬᠤ ᠲᠠᠪᠴᠠᠩ ᠢ ᠪᠠᠶᠢᠭᠤᠯᠤᠨ ᠥᠭᠴᠦ᠂ ᠢᠳᠡᠷ ᠥᠲᠡᠯᠦᠭᠡ ᠨᠠᠰᠤᠨ ᠤ ᠬᠥᠮᠥᠰ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠤᠨ᠂ ᠲᠡᠳᠡᠨ ᠤ ᠲᠠᠮᠢᠷ ᠤᠨ ᠪᠣᠯᠪᠠᠰᠤᠷᠠᠯ ᠤᠨ ᠳᠤᠮᠳᠠ ᠪᠠᠶᠠᠷ ᠪᠠᠶᠠᠰᠤᠯ ᠢ ᠡᠳ᠋ᠯᠡᠵᠦ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠤᠨ᠂ ᠨᠥᠬᠦᠷᠯᠡᠯ  ᠢᠶᠠᠨ ᠵᠤᠵᠠᠭᠠᠳᠬᠠᠵᠤ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ   ᠳᠤ ᠢᠳᠡᠪᠬᠢᠲᠡᠢ ᠠᠬᠢᠭᠤᠯᠭ᠎ᠠ ᠶᠢᠨ ᠦᠢᠯᠡᠳᠦᠯ ᠭᠠᠷᠭᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号