ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠭᠰᠡᠨ
ᠨᠡᠶᠢᠲᠡᠯᠡᠭᠰᠡᠨ ᠴᠠᠭ᠄
2024/4/26
  4 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ  ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂  ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠰᠤᠷᠤᠯᠴᠠᠯᠭ᠎ᠠ ᠶᠢ ᠡᠷᠭᠢᠯᠡᠵᠦ᠂ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠰᠤᠷᠤᠯᠴᠠᠯᠭ᠎ᠠ ᠳᠤ ᠣᠷᠣᠯᠴᠠᠵᠠᠢ᠃ ᠨᠣᠮ ᠤᠩᠰᠢᠬᠤ ᠠᠩᠭᠢ ᠨᠢ ᠲᠥᠪᠯᠡᠷᠡᠨ ᠰᠤᠷᠤᠯᠴᠠᠬᠤ ᠪᠠ ᠶᠠᠷᠢᠯᠴᠠᠨ ᠰᠣᠯᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠤ᠂  ᠬᠤᠶᠠᠷ ᠡᠳᠦᠷ ᠤᠨ ᠲᠤᠷᠰᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠵᠤᠷᠪᠤᠰ ᠳᠠᠷᠠᠭᠠᠯᠠᠨ ᠰᠤᠷᠤᠯᠴᠠᠭᠰᠠᠨ ᠤ ᠬᠠᠮᠲᠤ ᠰᠤᠳᠤᠯᠤᠨ ᠶᠠᠷᠢᠯᠴᠠᠵᠤ ᠤᠯᠤᠯᠳᠠ ᠪᠠᠨ ᠰᠣᠯᠢᠯᠴᠠᠬᠤ ᠠᠵᠢᠯᠯᠯᠠᠭ᠎ᠠ ᠶᠢ ᠭᠦᠨᠵᠡᠭᠡᠢ ᠦᠷᠨᠢᠬᠦᠯᠦᠭᠰᠡᠨ ᠪᠠᠶᠢᠨ᠎ᠠ᠃  ᠰᠤᠷᠤᠯᠴᠠᠯᠭ᠎ᠠ ᠲᠡᠭᠡᠷ᠎ᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠨᠢᠬᠦᠯᠬᠦ ᠪᠤᠯ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠤᠯᠤᠰ ᠲᠥᠷᠥ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ  ᠶᠢ ᠠᠬᠢᠭᠤᠯᠬᠤ ᠪᠣᠳᠠᠲᠠᠢ ᠦᠢᠯᠡᠳᠦᠯᠭᠡ ᠮᠥᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ  ᠦᠷᠨᠢᠬᠦᠯᠦᠨ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠦᠮᠦᠵᠢᠬᠦᠯᠦᠨ ᠵᠢᠯᠤᠭᠤᠳᠴᠤ ︽ᠵᠢᠷᠭᠤᠭᠠᠨ ᠲᠦᠷᠦᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ  ᠱᠠᠭᠠᠷᠳᠠᠯᠭ᠎ᠠ ᠶᠢ ᠣᠨᠣᠪᠴᠢᠲᠠᠶ ᠡᠵᠡᠮᠰᠢᠬᠦᠯᠦᠨ᠂ ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠬᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠡᠯ᠎ᠡ ᠲᠦᠷᠦᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号