ᠴᠢᠶᠠᠨ ᠶᠢᠨ ᠭᠧᠦ ᠪᠠᠯᠭᠠᠰᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/26
  ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠴᠢᠩᠭᠠᠳᠬᠠᠵᠤ᠂ ᠦᠨᠳᠦᠰᠦᠨ ᠱᠠᠲᠤᠨ ᠤ ᠭᠤᠣᠯᠳᠠᠯᠭ᠎ᠠ ᠲᠠᠢ ᠠᠵᠢᠯ ᠡᠭᠦᠷᠭᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢᠨ ᠲᠦᠯᠦᠭᠡ 4 ᠰᠠᠷ᠎ᠠ ᠶᠢᠨ 25  ᠤ ᠡᠳᠦᠷ ᠴᠢᠶᠠᠨ ᠶᠢᠨ ᠭᠧᠦ ᠪᠠᠯᠭᠠᠰᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠳᠤ ᠳ᠋ᠦᠩᠨᠡᠯᠲᠡ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠪᠠ  ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭᠠᠨ ᠤ ᠵᠣᠷᠢᠭ ᠰᠠᠨᠠᠭ᠎ᠠ ᠵᠢᠴᠢ ᠪᠥᠬᠦ ᠬᠤᠰᠢᠭᠤᠨ ᠤ ᠲᠥᠪᠯᠡᠷᠡᠭᠦᠯᠦᠨ ᠴᠡᠭᠴᠡᠯᠡᠬᠦ ᠠᠵᠢᠯ ᠤᠨ ᠲᠦᠰᠦᠪ ᠢ ᠤᠯᠠᠮᠵᠢᠯᠠᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠡᠷᠭᠡ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠬᠤᠷᠠᠯ ᠠᠴᠠ ᠱᠠᠭᠠᠷᠳᠠᠬᠤ ᠳᠠᠭᠠᠨ᠂ ᠨᠢᠭᠡ ᠳᠤ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠠᠵᠢᠯ ᠤᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠵᠤ᠂ ᠭᠤᠣᠯ ᠰᠡᠳᠦᠪ ᠭᠤᠣᠯ ᠰᠢᠵᠢᠮ ᠢ ᠴᠢᠩᠭ᠎ᠠ ᠡᠵᠡᠮᠳᠡᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾  ᠢ ᠭᠦᠨᠵᠡᠭᠡᠢ ᠰᠤᠷᠤᠯᠴᠠᠵᠤ᠂ ᠲᠡᠷᠡ ᠬᠡᠪ ᠢᠶᠠᠷ ᠨᠢ ᠰᠤᠷᠤᠯᠴᠠᠬᠤ᠂  ᠵᠤᠷᠪᠤᠰ ᠳᠠᠷᠠᠭᠠᠯᠠᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠲᠠᠢ ᠪᠠᠨ ᠤᠶᠠᠯᠳᠤᠭᠤᠯᠤᠨ ᠪᠠᠶᠢᠩᠭᠤ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ  ᠪᠠ ᠨᠠᠮᠴᠢ ᠴᠢᠨᠠᠷ ᠤᠨ ᠬᠥᠮᠦᠵᠢᠯ᠂ ᠠᠷᠢᠭᠤᠨ ᠴᠢᠬᠡᠴᠢ ᠶᠢᠨ ᠬᠥᠮᠦᠵᠢᠯ ᠢ ᠲᠤᠤᠱᠯᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ  ᠡᠷᠡᠰ ᠵᠢᠷᠤᠮᠯᠠᠨ᠂ ᠤᠬᠠᠮᠰᠠᠷ   ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂  ᠪᠠᠳᠤ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠲᠥᠪᠯᠡᠷᠡᠭᠦᠯᠦᠨ ᠴᠡᠭᠴᠡᠯᠡᠬᠦ ᠡᠯ᠎ᠡ ᠲᠦᠷᠦᠯ ᠤᠨ ᠠᠵᠢᠯ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠴᠡᠭᠴᠡᠯᠡᠨ ᠵᠠᠰᠠᠬᠤ ᠠᠵᠢᠯ ᠤᠨ ᠦᠨᠡᠨ ᠪᠤᠳᠠᠳᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠡᠯ᠎ᠡ ᠭᠠᠴᠠᠭᠠᠨ ᠤ ᠨᠠᠮ ᠤᠨ ᠡᠭᠦᠷ ᠨᠢ ᠡᠬᠡ ᠣᠷᠣᠨᠴᠢ ᠦᠵᠡᠯ᠂ ᠨᠡᠶᠢᠭᠡᠮ ᠵᠢᠷᠤᠮ ᠤᠨ ᠦᠵᠡᠯ ᠤᠨ ᠲᠤᠭ ᠢ ᠥᠨᠳᠥᠷ ᠮᠠᠨᠳᠤᠭᠤᠯᠵᠤ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠭᠤᠣᠯ ᠰᠡᠳᠦᠪ ᠢ ᠪᠠᠲᠤ ᠡᠵᠡᠮᠳᠡᠨ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ ᠤᠨ ᠨᠢᠭᠡᠳᠦᠯ ᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠰ ᠭᠡᠷ ᠤᠨ ᠤᠬᠠᠮᠰᠠᠷ᠂ ᠠᠷᠠᠳ ᠢᠷᠭᠡᠨ ᠤ ᠤᠬᠠᠮᠰᠠᠷ᠂ ᠤᠯᠤᠰ ᠤᠨ ᠨᠤᠲᠤᠭ ᠳᠡᠪᠢᠰᠬᠡᠷ ᠤᠨ ᠤᠬᠠᠮᠰᠠᠷ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠨ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠬᠦᠮᠦᠨ ᠠᠷᠠᠳ ᠤᠨ ᠰᠡᠳᠬᠢᠯ ᠢ ᠨᠢᠬᠳᠠᠷᠠᠭᠤᠯᠵᠤ ᠬᠦᠴᠦᠨ ᠢ ᠨᠢᠭᠡᠳᠭᠡᠬᠦ ᠬᠡᠷᠡᠭᠲᠡᠢ ᠭᠡᠵᠡᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号