ᠲᠠᠶᠢᠹᠤᠰᠧ ᠬᠤᠰᠢᠭᠤ ᠠᠯᠪᠠᠲᠠᠨ ᠤ ᠬᠠᠤᠯᠢ ᠲᠦᠷᠢᠮ ᠢ ᠰᠤᠷᠤᠯᠴᠠᠨ ᠤᠬᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/29
 ᠲᠠᠶᠢᠹᠤᠰᠧ ᠬᠤᠰᠢᠭᠤᠨ ᠤ ᠬᠢᠨ ᠠᠯᠪᠠᠲᠠᠨ ᠤ ᠬᠠᠤᠯᠢ ᠲᠦᠷᠢᠮ ᠢ  ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠯᠪᠠᠲᠠᠨ ᠤ ᠬᠠᠮᠢᠶᠠᠷᠤᠯᠲᠠ ᠶᠢᠨ ᠠᠵᠢᠯ ᠤᠨ ᠬᠦᠴᠦᠯᠡᠬᠦ ᠴᠡᠭ ᠪᠤᠯᠭᠠᠨ᠂ ᠭᠤᠣᠯᠳᠠᠯᠭ᠎ᠠ ᠶᠢ ᠠᠳᠬᠤᠬᠤ᠂ ᠤᠬᠠᠭᠤᠯᠭ᠎ᠠ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠠᠷᠭ᠎ᠠ ᠪᠠᠷ ᠠᠯᠪᠠᠲᠠᠨ ᠤ ᠬᠠᠤᠯᠢ ᠲᠦᠷᠢᠮ ᠤᠨ ᠰᠤᠷᠤᠯᠴᠠᠯᠭ᠎ᠠ ᠤᠬᠠᠭᠤᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠪᠠᠶᠢᠨ᠎ᠠ᠃ ᠠᠯᠪᠠᠲᠠᠨ ᠤ ᠠᠵᠢᠯ ᠤᠨ ︽ᠲᠦᠷᠢᠮᠵᠢᠬᠦᠯᠦᠨ ᠳᠡᠭᠡᠭᠰᠢᠯᠡᠭᠦᠯᠬᠦ ᠣᠨ︾ ᠤ ᠱᠠᠭᠠᠷᠳᠠᠯᠭ᠎ᠠ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠠᠯᠪᠠᠲᠠᠨ ᠤ ᠳᠦᠷᠢᠮ ᠤᠨ ᠪᠠᠶᠢᠭᠤᠯᠤᠯᠲᠠ ᠪᠠ ᠬᠥᠭᠵᠢᠯᠲᠡ᠂ ᠠᠯᠪᠠᠲᠠᠨ ᠤ ᠬᠠᠤᠯᠢ ᠶᠢᠨ ᠲᠠᠶᠢᠯᠤᠮᠵᠢ ᠪᠠ ᠬᠡᠷᠡᠭᠯᠡᠯᠲᠡ ᠵᠡᠷᠭᠡ ᠲᠠᠯ᠎ᠠ ᠪᠠᠷ ᠭᠤᠤᠯ ᠪᠤᠯᠭᠠᠨ᠂ ᠬᠤᠰᠢᠭᠤᠨ ᠤ ᠨᠠᠮ ᠤᠨ ᠰᠤᠷᠭᠠᠭᠤᠯᠢ ᠳᠤ ᠠᠯᠪᠠᠲᠠᠨ ᠤ ᠬᠠᠤᠯᠢ ᠲᠦᠷᠢᠮ ᠤᠨ ᠪᠣᠯᠪᠠᠰᠤᠷᠠᠯ ᠢ ᠡᠷᠭᠢᠯᠡᠵᠦ᠂ ᠪᠥᠬᠦ ᠬᠤᠰᠢᠭᠤᠨ ᠤ 96 ᠨᠡᠷ᠎ᠡ ᠵᠠᠯᠠᠭᠤ ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠵᠠᠢ᠃  ᠤᠶᠢᠷ᠎ᠠ ᠳᠤ ᠲᠤᠰ ᠬᠤᠰᠢᠭᠤᠨ ᠤ 66 ᠨᠢᠭᠡᠴᠡ ᠨᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠡᠷᠬᠢᠯᠡᠬᠦ᠂ ᠬᠤᠷᠠᠯ ᠬᠢᠵᠦ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ  ᠲᠤᠰ ᠨᠢᠭᠡᠴᠡ ᠢᠶᠠᠨ ᠢᠶᠠᠨ ᠠᠯᠪᠠᠲᠠᠨ ᠤ ᠬᠠᠤᠯᠢ ᠲᠦᠷᠢᠮ ᠤᠨ ᠲᠤᠰᠬᠠᠢ ᠰᠡᠳᠦᠪᠲᠦ ᠰᠤᠷᠤᠯᠭ᠎ᠠ ᠪᠣᠯᠪᠠᠰᠤᠷᠠᠯ ᠢ ᠪᠡᠶ᠎ᠡ ᠪᠠᠨ ᠳᠠᠭᠠᠭᠠᠨ ᠥᠷᠨᠢᠭᠦᠯᠬᠦ ᠶᠢᠨ ᠬᠠᠮᠲᠤ᠂ ᠠᠯᠪᠠᠲᠠᠨ ᠤ ᠬᠠᠤᠯᠢ ᠲᠦᠷᠢᠮ ᠤᠨ ᠲᠤᠰᠬᠠᠢ ᠰᠡᠳᠦᠪᠲᠦ ᠮᠡᠳᠡᠯᠭᠡ ᠶᠢᠨ ᠰᠢᠯᠭᠠᠯᠲᠠ ᠬᠢᠵᠦ᠂  1800 ᠭᠠᠷᠤᠢ ᠬᠥᠮᠥᠨ ᠤᠳᠠᠭ᠎ᠠ ᠪᠣᠯᠪᠠᠰᠤᠷᠠᠯ ᠪᠠ ᠰᠢᠯᠭᠠᠯᠲᠠ ᠳᠤ ᠤᠷᠤᠯᠴᠠᠪᠠ᠃ ᠪᠦᠬᠦ ᠬᠤᠰᠢᠭᠤᠨ ᠤ ᠺᠠᠳ᠋ᠷ ᠠᠵᠢᠯᠲᠠᠨ  ᠂ ᠨᠠᠮ ᠤᠨ ᠭᠡᠰᠢᠭᠦᠨ ᠣᠯᠠᠨ ᠲᠦᠮᠡᠨ ᠤ ᠬᠠᠤᠯᠢ ᠰᠤᠷᠬᠤ ᠢᠳᠡᠪᠬᠢᠵᠢᠯ ᠢ  ᠴᠢᠨᠠᠭᠰᠢᠳᠠ ᠳᠠᠶᠢᠴᠢᠯᠠᠬᠤ ᠶᠢᠨ ᠲᠥᠯᠥᠭᠡ᠂ ᠲᠤᠰ ᠬᠤᠰᠢᠭᠤ ᠨᠢ ᠰᠤᠷᠤᠯᠴᠠᠵᠤ ᠤᠬᠠᠭᠤᠯᠬᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾᠂ ︽ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠲᠠᠰ ᠢ ᠵᠡᠷᠭᠡ ᠪᠠᠷ ᠬᠡᠷᠡᠭᠵᠢᠭᠦᠯᠬᠦ ᠲᠣᠭᠲᠠᠭᠠᠯ︾᠂ ︽ᠠᠯᠪᠠᠲᠠᠨ ᠢ ᠱᠠᠩᠨᠠᠨ ᠵᠤᠷᠢᠬᠵᠢᠭᠤᠯᠬᠤ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ  ᠲᠦᠷᠢᠮ ᠤᠨ ᠠᠭᠤᠯᠭ᠎ᠠ ᠶᠢ ᠬᠠᠮᠤᠷᠤᠭᠰᠠᠨ ᠰᠦᠯᠵᠢᠶᠡᠨ ᠳᠡᠭᠡᠷᠡᠬᠢ ᠮᠡᠳᠡᠯᠭᠡ ᠶᠢᠨ ᠤᠷᠤᠯᠳᠤᠭᠠᠨ ᠢ ᠡᠷᠬᠢᠯᠡᠭᠡᠳ᠂ ᠪᠥᠬᠦ ᠬᠤᠰᠢᠭᠤᠨ ᠤ 3800 ᠭᠠᠷᠤᠢ ᠺᠠᠳ᠋ᠷ ᠠᠵᠢᠯᠲᠠᠨ ᠤᠷᠤᠯᠳᠤᠭᠠᠨ ᠳᠤ ᠢᠳᠡᠪᠬᠢᠲᠡᠢ ᠣᠷᠣᠯᠴᠠᠵᠤ᠂ ᠠᠯᠪᠠᠲᠠᠨ ᠤ ᠬᠠᠤᠯᠢ ᠲᠦᠷᠢᠮ ᠢ ᠤᠯᠠᠮ ᠰᠠᠶᠢᠨ ᠣᠶᠢᠯᠠᠭᠠᠵᠤ ᠡᠵᠡᠮᠰᠢᠭᠰᠡᠨ ᠪᠠᠶᠢᠨ᠎ᠠ᠃ ᠲᠤᠰ ᠬᠤᠰᠢᠭᠤ ᠨᠢ ᠪᠠᠰᠠ ︽ᠠᠯᠪᠠᠲᠠᠨ ᠤ ᠬᠠᠤᠯᠢ ᠪᠠ ᠢᠵᠢ ᠪᠦᠷᠢᠳᠦᠭᠰᠡᠨ ᠬᠠᠤᠯᠢ ᠲᠦᠷᠢᠮ ᠤᠨ ᠡᠮᠬᠢᠳᠬᠡᠯ︾ ᠢ ᠲᠣᠭᠲᠠᠭᠠᠨ ᠨᠡᠶᠢᠳᠡᠯᠡᠵᠦ᠂ ᠳᠡᠭᠡᠳᠦ ᠱᠠᠲᠤᠨ ᠤ ᠳᠠᠷᠤᠮᠠᠯᠯᠠᠨ ᠲᠠᠷᠬᠠᠭᠠᠭᠰᠠᠨ ︽ᠠᠯᠪᠠᠲᠠᠨ ᠢ ᠡᠯᠰᠡᠨ ᠬᠡᠷᠡᠭᠯᠡᠬᠦ ᠲᠣᠭᠲᠠᠭᠠᠯ︾ ︽ᠠᠯᠪᠠᠲᠠᠨ ᠤ ᠡᠩ ᠤᠨ ᠦᠶ᠎ᠡ ᠶᠢᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠨᠢᠭᠡᠳᠦᠯᠲᠡᠢ ᠡᠮᠬᠢᠯᠡᠨ ᠳᠢᠭᠯᠡᠵᠦ᠂  ᠠᠯᠪᠠᠲᠠᠨ ᠤ ᠰᠤᠷᠤᠯᠴᠠᠯᠭ᠎ᠠ ᠳᠤ ︽ᠠᠯᠠᠭᠠᠨ ᠳᠡᠭᠡᠷᠡᠬᠢ ᠵᠦᠭᠯᠡᠭᠦᠷ︾   ᠢ ᠬᠠᠩᠭᠠᠭᠰᠠᠨ ᠤ ᠬᠠᠮᠳᠤ ᠤᠷᠢᠶ᠎ᠠ ᠤᠶᠠᠩᠭ᠎ᠠ᠂ ᠦᠵᠡᠭᠦᠯᠭᠡ ᠶᠢᠨ ᠰᠠᠮᠪᠠᠷ᠎ᠠ᠂ LED᠂ ᠸᠢᠴᠠᠲ ᠲᠠᠪᠴᠠᠩ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠴᠢᠶᠠᠯᠠᠪᠤᠷᠢ ᠶᠢ ᠠᠰᠢᠭᠯᠠᠨ  ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠤᠬᠠᠭᠤᠯᠭ᠎ᠠ ᠶᠢᠨ ᠡᠷᠴᠢᠮ ᠢ ᠤᠯᠠᠮ ᠴᠢᠩᠭᠠᠷᠠᠭᠤᠯᠵᠤ᠂ ᠬᠠᠤᠯᠢ ᠶᠢ ᠰᠤᠷᠴᠤ ᠬᠠᠤᠯᠢ ᠶᠢ ᠮᠡᠳᠡᠵᠦ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ  ᠪᠣᠶ ᠪᠤᠯᠭᠠᠭᠠᠳ᠂ ᠠᠯᠪᠠᠲᠠᠨ ᠤ ᠬᠠᠤᠯᠢ ᠲᠦᠷᠢᠮ ᠤᠨ ᠲᠤᠬᠠᠢ ᠣᠶᠢᠯᠠᠭᠠᠬᠤ ᠬᠡᠮᠵᠢᠶ᠎ᠡ ᠶᠢ ᠦᠷᠭᠦᠯᠵᠢᠯᠡᠨ  ᠲᠡᠭᠡᠭᠰᠢᠯᠡᠬᠦᠯᠵᠦ ᠢᠷᠡᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号