ᠲᠠᠶᠢᠹᠤᠰᠧ ᠬᠤᠰᠢᠭᠤ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29
  4 ᠰᠠᠷ᠎ᠠ ᠶᠢᠨ 26 ᠤ ᠡᠳᠦᠷ᠂  ᠲᠠᠶᠢᠹᠤᠰᠧ ᠬᠤᠰᠢᠭᠤᠨ ᠤ ᠬᠢᠨ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠱᠠᠲᠤᠨ ᠤ ᠠᠵᠢᠯ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ ᠡᠯ᠎ᠡ ᠨᠢᠭᠡᠴᠡ ᠶᠢᠨ  ᠬᠢᠨ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂  ᠦᠢᠯᠡ  ᠠᠵᠢᠯᠯᠠᠭᠠᠨ ᠤ  ᠤᠬᠠᠮᠰᠠᠷ ᠢᠶᠠᠨ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠠᠵᠢᠯ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠮᠵᠢ ᠲᠠᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ  ᠣᠯᠣᠯᠴᠠᠭ᠎ᠠ ᠬᠠᠮᠵᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠬᠦᠯᠦᠨ᠂ ᠭᠤᠣᠯᠳᠠᠯᠭ᠎ᠠ ᠲᠠᠢ  ᠬᠦᠷᠢᠶ᠎ᠡ ᠴᠠᠷᠠᠭᠠᠨ ᠤ ᠢᠲᠡᠭᠡᠯ ᠠᠯᠳᠠᠭᠰᠠᠨ ᠲᠣᠪᠣᠶᠢᠮ᠎ᠠ ᠠᠰᠠᠭᠤᠳᠠᠯ  ᠤᠨ ᠴᠡᠭᠴᠡᠯᠡᠯᠳᠡ ᠶᠢ ᠬᠢᠬᠦ ᠬᠡᠷᠡᠭᠲᠡᠢ᠃ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠪᠠ ᠨᠠᠷᠠᠲᠤ  ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠭᠦᠨᠵᠡᠭᠡᠢ ᠢᠯᠡᠷᠡᠬᠦᠯᠦᠨ᠂ ᠠᠭᠤᠷ ᠠᠮᠢᠰᠬᠤᠯ ᠢ ᠪᠣᠶ ᠪᠣᠯᠭᠠᠬᠤ ᠪᠠᠨ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠬᠥᠮᠦᠵᠢᠯ ᠤᠨ ᠵᠢᠯᠤᠭᠤᠳᠤᠯᠭ᠎ᠠ ᠶᠢ ᠴᠢᠩᠭᠠᠳᠬᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠬᠤᠰᠢᠭᠤᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠠᠵᠢᠯ ᠤᠨ ᠳᠤᠭᠤᠶᠢᠯᠠᠩ ᠤᠨ ᠡᠯ᠎ᠡ ᠭᠡᠰᠢᠬᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠪᠠ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号