4 ᠰᠠᠷ᠎ᠠ ᠶᠢᠨ 27 ᠤ ᠡᠳᠦᠷ᠂ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ | ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠭᠤᠣᠯ ᠰᠡᠳᠦᠪᠲᠦ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ ᠵᠠᠯᠠᠭᠤᠴᠤᠳ ᠪᠠᠭᠠᠴᠤᠳ ᠤᠨ ᠬᠦᠳᠡᠯᠪᠦᠷᠢ ᠶᠢᠨ ᠲᠥᠪ ᠲᠤ ᠠᠮᠵᠢᠯᠲᠠ ᠲᠠᠢ ᠶᠠᠪᠤᠭᠳᠠᠪᠠ᠃ | ᠲᠣᠭᠯᠠᠯᠲᠠ ᠨᠢ ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢᠳᠡ | ᠪᠠᠶᠢᠯᠴᠠᠨ᠎ᠠ︾᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠢᠨ ᠮᠡᠲᠦ ᠳᠣᠲᠣᠨᠣ ᠪᠠᠶᠢᠵᠤ᠂ ᠰᠡᠳᠬᠢᠯ | ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠬᠦᠯᠦᠨᠡ ︾᠂ ︽ᠦᠨᠡᠨᠴᠢ ᠢᠳᠡᠭᠡᠮᠵᠢ ᠶᠢᠨ | ᠰᠣᠶᠣᠯ ᠢ ᠪᠠᠳᠠᠷᠠᠭᠤᠯᠵᠤ ᠦᠨᠡᠨᠴᠢ ᠢᠲᠡᠭᠡᠮᠵᠢᠲᠡᠢ ᠨᠡᠶᠢᠭᠡᠮ ᠢ ᠪᠠᠶᠢᠭᠤᠯᠤᠶ᠎ᠠ︾ ᠬᠡᠮᠡᠬᠦ ᠭᠤᠷᠪᠠᠨ ᠬᠡᠰᠡᠭ ᠢᠶᠠᠷ | ᠪᠦᠷᠢᠯᠳᠦᠵᠡᠢ᠃ ᠠᠳᠠᠯᠢ ᠪᠤᠰᠤ ᠬᠦᠷᠢᠶ᠎ᠡ ᠴᠠᠷᠠᠭ᠎ᠠ ᠠᠴᠠ ᠬᠦᠷᠦᠯᠴᠡᠨ ᠢᠷᠡᠭᠰᠡᠨ ᠲᠤᠭᠯᠠᠭᠴᠢᠳ ᠠᠷᠤ ᠠᠷᠤ ᠠᠴᠠ | ᠪᠠᠨ ᠲᠠᠶᠢᠰᠠᠨ ᠳᠤ ᠭᠠᠷᠴᠤ᠂ ︽ᠰᠡᠷᠡᠯ ᠮᠣᠷᠢ︾ ︽ᠬᠠᠳᠤᠨ ᠭᠤᠣᠯ ᠭᠡᠷ ᠤᠨ ᠡᠬᠦᠳᠡ ᠪᠠᠷ ᠤᠷᠤᠰᠤᠨ᠎ᠠ︾ ︽ | ᠤᠯᠠᠯᠵᠠᠨ ᠨᠠᠮᠢᠷᠠᠬᠤ ᠤᠯᠠᠭᠠᠨ ᠲᠤᠭ︾ ︽ᠦᠨᠡᠨᠴᠢ ᠰᠢᠳᠤᠷᠭᠤ ᠪᠠᠷ ᠤᠯᠤᠰ ᠲᠠᠭᠠᠨ ᠵᠢᠳᠬᠦᠨ᠎ᠡ︾ ︽ ᠬᠦᠰᠡᠯ | ᠵᠡᠬᠦᠳᠦ ᠲᠠᠢ ᠬᠡᠦᠭᠡᠳ ᠪᠠᠭᠠᠴᠤᠳ︾ ︽ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠶ᠎ᠠ︾ ︽ | ᠦᠨᠡᠨᠴᠢ ᠢᠳᠡᠭᠡᠮᠵᠢ ᠶᠢ ᠡᠷᠬᠢᠮᠯᠡᠵᠦ ᠨᠠᠮ ᠤᠨ ᠳᠠᠭᠤᠨ ᠢ ᠤᠯᠠᠮᠵᠢᠯᠠᠶ᠎ᠠ︾ ᠵᠡᠷᠭᠡ ᠤᠷᠠᠨ ᠭᠤᠴᠤ ᠲᠣᠭᠯᠠᠯᠲᠠ ᠶᠢ | ᠭᠠᠷᠭᠠᠭᠠᠳ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ ᠪᠠᠶᠢᠯ᠎ᠠ ᠃ ᠡᠨᠡ ᠤᠳᠠᠭᠠᠨ ᠤ | ᠠᠵᠢᠯᠯᠠᠭ᠎ᠠ ᠨᠢ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠦᠨᠳᠦᠰᠦᠲᠡᠨ ᠤ ᠪᠦᠯᠬᠦᠮᠳᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ᠂ ᠦᠨᠡᠨᠴᠢ ᠢᠲᠡᠭᠡᠮᠵᠢ ᠶᠢᠨ ᠰᠣᠶᠣᠯ ᠤᠨ ᠬᠥᠮᠦᠵᠢᠯ ᠵᠡᠷᠭᠡ ᠶᠢ ᠣᠯᠠᠨ ᠲᠦᠮᠡᠨ ᠤ ᠰᠡᠳᠬᠢᠯ ᠳᠤ | ᠠᠭᠤᠰᠬᠠᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ︽ᠨᠠᠮ ᠤᠨ ᠢᠶᠠᠨ ᠠᠴᠢ | ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠢᠳᠡᠭᠡᠯ ᠵᠤᠷᠢᠭ ᠢ | ᠬᠦᠪᠴᠢᠯᠡᠭᠰᠡᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠠᠮᠲᠤᠷᠠᠨ ᠡᠷᠭᠢᠯᠡᠵᠦ᠂ ᠶᠢᠨ ᠶᠦᠩ ᠾᠧ᠂ ᠽᠦᠸᠧ ᡁᠢ | ᠭᠦᠸᠧ᠂ ᠦ᠋ ᠭᠤᠸᠠᠩ ᠹᠧᠩ᠂ ᠯᠢᠦ ᠲᠢᠩ ᠰᠢᠸ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠨ ᠲᠣᠭᠯᠠᠯᠲᠠ | ᠶᠢ ᠰᠣᠨᠢᠷᠬᠠᠪᠠ᠃ |