ᠲᠠᠶᠢᠹᠤᠰᠧ ᠬᠤᠰᠢᠭᠤ  ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/4/29
   ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠪᠤᠰᠤ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠨ ᠦᠷ᠎ᠡ ᠶᠢᠨ ᠠᠮᠤᠷ ᠲᠦᠪᠰᠢᠨ ᠭᠡᠷᠡᠭᠯᠡᠭᠡ ᠶᠢ ᠪᠠᠲᠤᠯᠠᠬᠤ ᠶᠢᠨ ᠲᠥᠯᠥᠭᠡ᠂ ︽ᠰᠢᠯᠢ ᠶᠢᠨ ᠭᠤᠣᠯ ᠠᠶᠢᠮᠠᠭ ᠤᠨ 2024 ᠣᠨ ᠤ ᠬᠠᠪᠤᠷ ᠤᠨ ᠤᠯᠠᠷᠢᠯ ᠤᠨ ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠢ ᠪᠠᠶᠢᠴᠠᠭᠠᠬᠤ ᠪᠠ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠤᠨ ᠲᠦᠰᠦᠪ︾ ᠤᠨ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 26 ᠤ ᠡᠳᠦᠷ ᠠᠴᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ   ᠲᠤᠪᠴᠢᠶᠠᠨ ᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠲᠠᠶᠢᠹᠤᠰᠧ ᠬᠤᠰᠢᠭᠤᠨ ᠤ ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠲᠤ ᠲᠤᠰᠬᠠᠢ ᠪᠠᠶᠢᠴᠠᠭᠠᠯᠲᠠ ᠬᠢᠵᠦ ᠡᠬᠢᠯᠡᠪᠡ᠃  ᠡᠨᠡ ᠤᠳᠠᠭᠠᠨ ᠤ ᠲᠤᠰᠬᠠᠶ ᠪᠠᠶᠢᠴᠠᠭᠠᠯᠲᠠ ᠨᠢ ︽ᠬᠤᠶᠠᠷ ᠢ ᠰᠤᠭᠤᠴᠢᠨ ᠪᠠᠶᠢᠴᠠᠭᠠᠵᠤ ᠨᠢᠭᠡ ᠶᠢ ᠢᠯᠡ ᠪᠣᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠨ ᠦᠷ᠎ᠡ ᠶᠢᠨ ᠡᠵᠡᠩᠨᠡᠯᠲᠡ ᠶᠢᠨ ᠳᠡᠯᠭᠡᠭᠦᠷ ᠲᠤ ᠠᠬᠤᠢ ᠲᠠᠯᠠᠪᠠᠢ ᠶᠢᠨ ᠪᠠᠶᠢᠴᠠᠭᠠᠯᠲᠠ ᠬᠢᠵᠦ᠂  ᠡᠵᠡᠩᠨᠡᠯᠲᠡ ᠶᠢᠨ ᠦᠨᠡᠮᠯᠡᠯ ᠨᠢ ᠪᠦᠷᠢᠨ ᠬᠦᠢᠴᠡᠳ ᠡᠰᠡᠬᠦ᠂ ᠲᠡᠮᠳᠡᠭ ᠱᠤᠰᠢᠭ᠎ᠠ ᠪᠠ ᠲᠠᠶᠢᠯᠪᠤᠷᠢ ᠲᠠᠨᠢᠯᠴᠠᠭᠤᠯᠭ᠎ᠠ ᠨᠢ ᠲᠦᠷᠢᠮ ᠲᠣᠭᠲᠠᠭᠠᠯ ᠳᠤ ᠨᠡᠶᠢᠴᠡᠬᠦ ᠡᠰᠡᠬᠦ᠂ ᠡᠵᠡᠩᠨᠡᠵᠦ ᠪᠠᠶᠢᠭ᠎ᠠ ᠵᠦᠢᠯ ᠢᠶᠠᠨ ᠲᠤᠭᠳᠠᠭᠠᠯ ᠶᠤᠰᠤᠭᠠᠷ ᠳᠠᠩᠰᠠᠯᠠᠭᠤᠯᠤᠭᠰᠠᠨ ᠡᠰᠡᠬᠦ᠂ ᠡᠵᠡᠩᠨᠡᠯᠲᠡ ᠶᠢᠨ ᠮᠡᠳᠡᠭᠡ ᠵᠠᠩᠭᠢ ᠨᠢ ᠦᠨᠡᠨ ᠪᠣᠳᠠᠲᠠᠶ   ᠪᠦᠷᠢᠨ ᠪᠦᠳᠦᠨ  ᠢᠯᠡ ᠲᠤᠳᠤ ᠡᠰᠡᠬᠦ᠂  ᠪᠤᠷᠤᠯᠠᠭᠤᠯᠭ᠎ᠠ ᠶᠢᠨ ᠦᠢᠯᠡ ᠠᠵᠢᠯᠯᠠᠭ᠎ᠠ ᠨᠢ ᠬᠠᠤᠯᠢ ᠳᠤ ᠨᠡᠶᠢᠴᠡᠬᠦ ᠡᠰᠡᠬᠦ᠂  ᠡᠵᠡᠩᠨᠡᠯᠲᠡ ᠶᠢᠨ ᠲᠠᠩᠰᠠ ᠶᠢ ᠪᠠᠶᠢᠭᠤᠯᠤᠭᠰᠠᠨ ᠪᠠ ᠬᠠᠳᠠᠭᠠᠯᠠᠭᠰᠠᠨ ᠡᠰᠡᠬᠦ᠂ ᠬᠦᠴᠦᠨ ᠪᠥᠬᠦᠶ ᠪᠣᠷᠣᠯᠠᠭᠤᠯᠭ᠎ᠠ ᠶᠢᠨ ᠭᠡᠷᠡᠴᠢ ᠪᠠᠷᠢᠮᠲᠠ ᠭᠠᠷᠭᠠᠵᠤ ᠥᠭᠭᠦᠭᠰᠡᠨ ᠡᠰᠡᠬᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠪᠡᠯᠡᠳᠭᠡᠯ ᠲᠥᠬᠦᠭᠡᠷᠦᠮᠵᠢ ᠨᠢ ᠪᠦᠷᠢᠨ ᠪᠦᠳᠦᠨ ᠡᠰᠡᠬᠦ᠂  ᠬᠠᠭᠤᠷᠮᠠᠭ ᠦᠢᠯᠡᠳᠬᠦᠨ ᠢ ᠡᠵᠡᠩᠨᠡᠨ ᠪᠤᠷᠤᠯᠠᠭᠤᠯᠬᠤ ᠵᠡᠷᠭᠡ ᠬᠠᠤᠯᠢ  ᠪᠤᠰᠤ ᠦᠢᠯᠡ ᠠᠵᠢᠯᠯᠠᠭ᠎ᠠ ᠤᠷᠤᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠭᠰᠠᠨ ᠪᠠᠶᠢᠨ᠎ᠠ᠃ ᠦᠷ᠎ᠡ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠳᠠᠭᠠᠨ ︽ᠲᠠᠷᠢᠮᠠᠯ ᠤᠨ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ᠂  ᠵᠠᠭᠪᠤᠷ ᠠᠪᠬᠤ᠂  ᠲᠡᠮᠳᠡᠭᠯᠡᠬᠦ᠂ ᠪᠠᠶᠢᠴᠠᠭᠠᠬᠤ᠂ ᠮᠡᠳᠡᠭᠦᠯᠬᠦ ᠵᠢᠴᠢ ᠭᠡᠷᠡᠴᠢ ᠠᠪᠬᠤ ᠵᠡᠷᠭᠡ ᠡᠯ᠎ᠡ ᠲᠦᠷᠦᠯ ᠤᠨ ᠠᠵᠢᠯ ᠢ ᠲᠦᠷᠢᠮᠵᠢᠬᠦᠯᠵᠦ᠂ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠲᠣᠬᠢᠲᠠᠶ ᠦᠯᠡᠳᠡᠭᠡᠨ ᠬᠠᠳᠠᠭᠠᠯᠠᠵᠤ᠂  ᠰᠤᠭᠤᠴᠢᠨ ᠪᠠᠶᠢᠴᠠᠭᠠᠬᠤ ᠵᠠᠭᠪᠤᠷ ᠤᠨ ᠲᠥᠯᠥᠭᠡᠯᠡᠬᠦ ᠴᠢᠨᠠᠷᠳᠠᠢ ᠪᠠᠶᠢᠬᠤ ᠪᠠ  ᠪᠠᠶᠢᠴᠠᠭᠠᠯᠳᠠ ᠶᠢᠨ ᠦᠷ᠎ᠡ ᠳ᠋ᠦᠩ ᠨᠢ ᠦᠨᠡᠨ ᠪᠤᠳᠠᠳᠠᠢ᠂ ᠵᠦᠪ ᠤᠨᠤᠪᠴᠢᠳᠠᠢ ᠪᠠᠶᠢᠬᠤ ᠶᠢ ᠪᠠᠳᠤᠯᠠᠪᠠ᠃  ᠡᠨᠡ ᠤᠳᠠᠭᠠᠨ ᠤ ᠪᠠᠶᠢᠴᠠᠭᠠᠯᠲᠠ ᠪᠠᠷ ᠲᠠᠮᠵᠢᠭᠠᠳ᠂ ᠪᠥᠬᠦ ᠬᠤᠰᠢᠭᠤᠨ ᠤ ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠲᠦᠷᠢᠮᠵᠢᠬᠦᠯᠵᠦ᠂  ᠡᠵᠡᠩᠨᠡᠭᠴᠢᠳ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠦᠵᠡᠯ ᠤᠬᠠᠮᠰᠠᠷ ᠢ ᠲᠡᠭᠡᠭᠰᠢᠯᠡᠬᠦᠯᠦᠭᠡᠳ᠂  ᠲᠠᠷᠢᠶᠠᠨ ᠤ ᠦᠷ᠎ᠡ ᠶᠢᠨ ᠬᠠᠩᠭᠠᠯᠭ᠎ᠠ ᠶᠢᠨ ᠴᠢᠨᠠᠷ ᠢ ᠪᠠᠳᠤᠯᠠᠵᠤ᠂ ᠬᠠᠪᠤᠷ ᠤᠨ ᠲᠠᠷᠢᠶᠠᠯᠠᠭ᠎ᠠ ᠳᠤ ᠪᠠᠲᠤ ᠪᠠᠬᠢ ᠰᠠᠭᠤᠷᠢ ᠶᠢ ᠲᠠᠯᠪᠢᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号