ᠲᠠᠶᠢᠹᠤᠰᠧ ᠬᠤᠰᠢᠭᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ ᠬᠠᠰᠢᠶᠠᠯᠠᠭ᠎ᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/4/3
   ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠨ ᠬᠢᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠪᠥᠬᠦ ᠬᠦᠴᠦᠨ ᠢᠶᠠᠷ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 1᠎ ᠤ ᠡᠳᠦᠷ ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠥᠷᠲᠡᠭᠡ ᠨᠢ ᠬᠦᠨᠪᠤᠯᠠᠭ ᠰᠤᠮᠤ  ᠎ ᠲᠠᠢ ᠬᠠᠮᠲᠤᠷᠠᠨ ᠤᠬᠠᠭᠤᠯᠬᠤ ᠠᠩᠭᠢ ᠪᠠᠶᠢᠭᠤᠯᠵᠤ᠂  ᠬᠦᠨᠪᠤᠯᠠᠭ ᠰᠤᠮᠤᠨ ᠤ ᠡᠯ᠎ᠡ ᠭᠠᠴᠠᠭ᠎ᠠ ᠳᠤ ᠭᠦᠨᠵᠡᠭᠡᠶᠢᠷᠡᠨ᠂  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠵᠢᠯᠳᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠪᠢᠴᠢᠭᠡᠰᠦ ᠡᠯᠭᠦᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠶᠢᠨ ᠴᠢᠬᠤᠯᠠ ᠠᠴᠢ ᠬᠤᠯᠪᠣᠭᠳᠠᠯ᠂ ᠬᠠᠮᠢᠶ᠎ᠠ ᠪᠦᠬᠦᠢ ᠬᠠᠤᠯᠢ ᠲᠦᠷᠢᠮ᠂ ᠲᠥᠷᠥ ᠶᠢᠨ ᠪᠣᠳᠣᠯᠭ᠎ᠠ  ᠎ ᠶᠢ ᠤᠬᠠᠭᠤᠯᠤᠨ ᠲᠠᠶᠢᠯᠪᠤᠷᠢᠯᠠᠭᠠᠳ᠂ ᠮᠠᠯᠴᠢᠨ ᠲᠦᠮᠡᠨ ᠤ  ᠤᠶᠢᠯᠠᠭᠠᠯᠳᠠ ᠲᠠᠨᠢᠯᠳᠠ ᠶᠢ ᠨᠢ ᠴᠢᠨᠠᠭᠰᠢᠳᠠ ᠬᠦᠨᠵᠡᠬᠡᠶᠢᠷᠡᠬᠦᠯᠵᠦ᠂   ᠦᠵᠡᠯ ᠤᠬᠠᠮᠰᠠᠷ ᠢ ᠨᠢ ᠤᠯᠠᠮ ᠲᠡᠭᠡᠭᠰᠢᠯᠡᠬᠦᠯᠦᠭᠰᠡᠨ ᠪᠠᠶᠢᠨ᠎ᠠ᠃ ᠣᠶᠢᠯᠠᠭᠠᠭᠰᠠᠨ ᠢᠶᠠᠷ᠂ 3 ᠰᠠᠷ᠎ᠠ ᠶᠢᠨ 18᠎ ᠤ ᠡᠳᠦᠷ ᠠᠴᠠ 22᠎ ᠤᠨ ᠡᠳᠦᠷ ᠪᠣᠯᠲᠠᠯ᠎ᠠ᠂   ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠥᠷᠲᠡᠭᠡ ᠨᠢ ᠤᠷᠢᠳ ᠬᠤᠵᠢᠳ ᠪᠥᠬᠦ ᠬᠤᠰᠢᠭᠤᠨ ᠤ 7 ᠰᠤᠮᠤ ᠰᠢᠶᠠᠩ ᠪᠠᠯᠭᠠᠰᠤ᠂ 47 ᠭᠠᠴᠠᠭ᠎ᠠ ᠲᠣᠰᠬᠤᠨ ᠳᠤ  ᠬᠦᠨᠵᠡᠬᠡᠶᠢᠷᠡᠵᠦ᠂  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠲᠤᠬᠠᠢ ᠲᠥᠷᠥ ᠶᠢᠨ ᠪᠣᠳᠣᠯᠭ᠎ᠠ ᠶᠢᠨ ᠲᠤᠬᠠᠢ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠭᠡᠳ᠂ 100 ᠭᠠᠷᠤᠢ ᠬᠥᠨᠳᠡᠯᠡᠨ ᠪᠢᠴᠢᠭᠡᠰᠦ ᠡᠯᠭᠦᠵᠦ᠂ 15000 ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠦᠭᠡᠳ 3 ᠰᠠᠤᠷᠢ ᠮᠠᠰᠢᠨ ᠲᠡᠷᠭᠡ ᠪᠠᠷ ᠭᠠᠴᠠᠭ᠎ᠠ ᠲᠤᠰᠬᠤᠨ ᠢ  ᠡᠬᠡᠯᠵᠢᠯᠡᠨ ᠲᠤᠭᠤᠷᠢᠵᠤ᠂ ᠤᠬᠠᠭᠤᠯᠭ᠎ᠠ ᠶᠢᠨ ᠲᠠᠭᠤ ᠰᠢᠩᠭᠡᠭᠡᠯᠳᠡ ᠶᠢ ᠲᠠᠯᠪᠢᠵᠤ ᠨᠡᠪᠲᠡᠷᠡᠭᠦᠯᠵᠡᠢ᠃ ᠲᠠᠷᠠᠭᠠᠴᠢ ᠶᠢᠨ ᠠᠯᠬᠤᠮ ᠳᠤ᠂  ᠲᠤᠰ ᠦᠷᠳᠡᠭᠡᠨ ᠤ ᠬᠢᠨ ᠤᠬᠠᠭᠤᠯᠭ᠎ᠠ ᠵᠢᠯᠤᠭᠤᠳᠤᠯᠭ᠎ᠠ ᠪᠠ᠂ ᠡᠳᠦᠷ ᠲᠤᠲᠤᠮ ᠤᠨ ᠪᠠᠶᠢᠴᠠᠭᠠᠯᠳᠠ ᠎ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠦᠷ᠎ᠡ ᠠᠮᠵᠢᠯᠳᠠ ᠲᠠᠢ ᠶᠠᠪᠤᠭᠳᠠᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号