ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/4/3
   4 ᠰᠠᠷ᠎ᠠ ᠶᠢᠨ 2᠎ ᠤᠨ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃  ᠡᠨᠡ ᠤᠳᠠᠭᠠᠨ ᠤ ᠪᠠᠶᠢᠩᠭᠤ ᠶᠢᠨ ᠬᠤᠷᠢᠶᠠᠨ ᠤ  ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 33 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 26 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠬᠤᠷᠠᠯ ᠲᠡᠭᠡᠷ᠎ᠡ᠂ ᠬᠤᠷᠠᠯ ᠤᠨ ᠵᠥᠪᠯᠡᠬᠦ ᠵᠦᠢᠯ ︵ᠲᠥᠰᠥᠯ︶᠎ ᠢ  ᠪᠠᠳᠤᠯᠠᠵᠤ᠂  ᠪᠥᠬᠦ ᠤᠯᠤᠰ ᠤᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ᠂ 2023 ᠣᠨ ᠤ  ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ ᠪᠠᠳᠤᠯᠠᠭᠰᠠᠨ ᠪᠠᠶᠢᠨ᠎ᠠ᠃ ᠯᠢ ᠱᠣᠣ ᠯᠢᠨ᠂ ᠪᠠᠭᠠᠲᠤᠷ᠂ ᠦ᠋ ᠭᠤᠸᠠᠩ ᠹᠧᠩ᠂ ᠵᠠᠩ ᠸᠧᠨ ᠴᠠᠩ ᠬᠤᠷᠠᠯ ᠳᠤ ᠤᠷᠤᠯᠴᠠᠵᠤ᠂ ᠸᠠᠩ ᠵᠢᠦᠢ ᠰᠢ᠂ ᠺᠠᠩ ᠵᠢᠶᠠᠨ ᠵᠢᠶᠦ᠋ᠨ᠂  ᠬᠠᠤᠯᠢ ᠴᠠᠭᠠᠵᠠ ᠶᠢᠨ ᠲᠤᠪᠴᠢᠶᠠᠨ ᠤ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠵᠠᠰᠠᠬᠤ ᠲᠤᠰᠬᠠᠢ ᠵᠥᠪᠯᠡᠯ ᠤᠨ ᠭᠡᠰᠢᠬᠦᠨ ᠵᠢᠴᠢ ᠬᠡᠰᠡᠭ ᠬᠤᠰᠢᠭᠤ ᠱᠠᠳᠤᠨ ᠤ ᠠᠷᠠᠳ ᠤᠨ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号