ᠲᠠᠶᠢᠹᠤᠰᠧ ᠬᠤᠰᠢᠭᠤᠨ ᠤ ᠬᠢᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/3
  4 ᠰᠠᠷ᠎ᠠ ᠶᠢᠨ 2᠎ ᠤᠨ ᠡᠳᠦᠷ᠂  ᠲᠠᠶᠢᠹᠤᠰᠧ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ︽ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠠᠪᠤᠭᠳᠠᠪᠠ᠃  ᠰᠦᠷᠯᠢᠭ ᠦᠨᠳᠦᠷ ᠳᠤᠷᠠᠰᠬᠠᠯ ᠤᠨ ᠬᠦᠰᠢᠶᠡᠨ ᠤ ᠡᠮᠦᠨ᠎ᠡ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠠᠵᠢᠯᠳᠠᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ᠂ ᠰᠠᠶᠢᠨ ᠳᠤᠷ᠎ᠠ ᠶᠢᠨ ᠦᠢᠯᠡᠴᠢᠯᠡᠭᠴᠢ ᠨᠠᠷ ᠬᠢᠴᠢᠶᠡᠩᠭᠦᠶᠢᠯᠡᠨ ᠵᠣᠭᠰᠣᠵᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃  ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠬᠤᠰᠢᠭᠤᠴᠢ ᠠᠩᠭᠢ ᠶᠢᠨ ᠲᠤᠭ ᠢᠶᠠᠨ ᠡᠷᠬᠦᠨ᠂  ᠬᠤᠰᠢᠭᠤᠴᠢ ᠠᠩᠬᠢ ᠶᠢᠨ ᠳᠠᠭᠤᠤ ᠪᠠᠨ ᠳᠠᠭᠤᠯᠠᠵᠤ᠂ ᠦᠷᠡᠭᠳᠡᠭᠰᠡᠨ ᠪᠠᠭᠠᠲᠤᠷᠴᠤᠳ ᠤᠨ ᠬᠦᠰᠢᠶ᠎ᠡ ᠳᠤ ᠶᠤᠰᠤᠯᠠᠨ᠂ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠵᠤ᠂ ᠨᠡᠶᠢᠭᠡᠮ ᠵᠢᠷᠤᠮ ᠤᠨ ᠰᠠᠶᠢᠨ ᠵᠠᠯᠭᠠᠮᠵᠢᠯᠠᠭᠴᠢ ᠪᠣᠯᠬᠤ ᠬᠦᠰᠡᠯ ᠵᠣᠷᠢᠯᠲᠠ ᠪᠠᠨ ᠢᠯᠡᠳᠬᠡᠵᠡᠢ᠃ ᠳᠠᠷᠠᠭ᠎ᠠ ᠳᠤᠨᠢ᠂ ᠤᠯᠠᠨ ᠢᠶᠠᠷ ᠢᠶᠠᠨ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠬᠦ ᠰᠡᠳᠬᠢᠯᠭᠡ ᠪᠠᠷ ᠦᠷᠡᠭᠳᠡᠭᠰᠡᠨ ᠪᠠᠭᠠᠲᠤᠷᠴᠤᠳ ᠤᠨ ᠬᠦᠰᠢᠶᠡᠨ ᠤ ᠡᠮᠦᠨ᠎ᠡ ᠨᠠᠮᠠᠨᠴᠢᠯᠠᠨ ᠭᠠᠰᠢᠭᠤᠳᠠᠵᠤ᠂  ᠬᠤᠪᠢᠰᠬᠠᠯ ᠤᠨ ᠦᠢᠯᠡᠰ ᠤᠨ ᠲᠥᠯᠥᠭᠡ ᠠᠮᠢ ᠪᠡᠶ᠎ᠡ ᠪᠠᠨ ᠵᠣᠷᠢᠭᠤᠯᠤᠭᠰᠠᠨ ᠪᠠᠭᠠᠲᠤᠷᠴᠤᠳ ᠢ ᠭᠠᠰᠢᠭᠤᠳᠠᠨ ᠳᠤᠷᠠᠰᠬᠠᠬᠤ ᠶᠢᠨ ᠬᠠᠮᠲᠤ ᠰᠣᠷᠭᠤᠭ ᠴᠡᠴᠡᠭ ᠬᠦᠷᠭᠡᠵᠦ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃  ᠤᠯᠠᠨ ᠢᠶᠠᠷ ᠢᠶᠠᠨ ᠪᠠᠰᠠ ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠵᠦ᠂ ᠠᠬᠠᠮᠠᠳ ᠪᠠᠶᠢᠯᠳᠤᠭᠴᠢ ᠠᠴᠠ ᠬᠤᠪᠢᠰᠬᠠᠯᠳᠤ ᠪᠠᠭᠠᠲᠤᠷᠴᠤᠳ ᠤᠨ ᠦᠯᠢᠭᠡᠷ ᠲᠡᠦᠬᠡ ᠶᠢ ᠰᠤᠨᠤᠰᠤᠨ᠂ ᠠᠬᠠᠮᠠᠳ ᠦᠶ᠎ᠡ ᠶᠢᠨ ᠬᠢᠨ ᠤ ᠭᠤᠶᠢᠪᠢᠰᠢ ᠦᠭᠡᠢ ᠢᠲᠡᠭᠡᠯ ᠪᠢᠰᠢᠷᠡᠯ ᠪᠣᠯᠣᠨ ᠠᠮᠢ ᠪᠡᠶ᠎ᠡ ᠪᠠᠨ ᠦᠷᠡᠭᠳᠡᠭᠦᠯᠬᠦ ᠬᠤᠪᠢᠰᠬᠠᠯᠲᠤ ᠵᠣᠷᠢᠭ ᠰᠠᠨᠠᠭ᠎ᠠ ᠶᠢ  ᠤᠯᠠᠮ ᠭᠦᠨᠵᠡᠭᠡᠢ ᠣᠶᠢᠯᠠᠭᠠᠵᠤ᠂   ᠡᠬᠡ ᠤᠷᠤᠨ ᠢᠶᠠᠨ ᠬᠠᠶᠢᠷᠠᠯᠠᠬᠤ ᠦᠵᠡᠯ ᠤᠬᠠᠮᠰᠠᠷ ᠢᠶᠠᠨ ᠨᠡᠮᠡᠭᠳᠡᠬᠦᠯᠦᠭᠰᠡᠨ ᠪᠠᠶᠢᠨ᠎ᠠ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠪᠠᠰᠠ ᠰᠢᠯᠦᠭ ᠵᠤᠬᠢᠶᠠᠯ ᠤᠩᠰᠢᠬᠤ᠂  ᠤᠷᠠᠨ ᠵᠢᠷᠤᠭ ᠵᠢᠷᠤᠬᠤ ᠬᠡᠯᠪᠡᠷᠢ ᠪᠠᠷ ᠦᠷᠡᠭᠳᠡᠭᠰᠨᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠠᠢ᠃  ᠡᠨᠡ ᠤᠳᠠᠭᠠᠨ ᠎ ᠤ ᠠᠵᠢᠯᠯᠠᠭ᠎ᠠ ᠶᠢ ᠬᠤᠰᠢᠭᠤᠨ ᠤ ᠡᠪᠯᠡᠯ  ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂  ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ  ᠎ ᠠᠴᠠ ᠵᠣᠬᠢᠶᠠᠨ ᠪᠠᠶᠢᠭᠤᠯᠵᠤ ᠶᠠᠪᠤᠭᠳᠠᠭᠤᠯᠤᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号