ᠤᠯᠠᠮᠵᠢᠯᠠᠯᠳᠤ  ᠤᠷᠤᠨ ᠰᠠᠭᠤᠴᠠ —  ᠲᠠᠭᠳᠤ
ᠨᠡᠶᠢᠲᠡᠯᠡᠭᠰᠡᠨ ᠴᠠᠭ᠄
2024/4/3
   ᠴᠠᠴᠠᠷ ᠮᠠᠶᠢᠬᠠᠨ  ᠪᠤᠯ ᠮᠤᠩᠭᠤᠯ ᠦᠨᠳᠦᠰᠦᠳᠡᠨ ᠤ ᠡᠷᠳᠡ ᠲᠡᠭᠡᠳᠦ ᠠᠴᠠ ᠪᠠᠨ ᠤᠯᠠᠮᠵᠢᠯᠠᠵᠤ ᠢᠷᠡᠭᠰᠡᠨ ᠤᠷᠤᠨ ᠰᠠᠭᠤᠴᠠ ᠪᠠᠶᠢᠵᠤ᠂ ᠮᠤᠩᠭᠤᠯ ᠭᠡᠷ ᠠᠴᠠ ᠨᠡᠩ ᠡᠷᠳᠡ᠂ ᠭᠡᠷᠡᠭᠴᠡᠭᠡ ᠪᠠᠷ ᠨᠡᠩ ᠦᠷᠭᠡᠨ᠂ ᠭᠡᠯᠪᠡᠷᠢ ᠮᠠᠶ᠋ᠢᠭ ᠎ ᠨᠢ ᠨᠡᠩ ᠤᠯᠠᠨ ᠵᠡᠷᠭᠡ ᠤᠨᠴᠠᠯᠢᠭ ᠲᠠᠢ ᠪᠢᠯᠡ  ᠃ ᠴᠠᠴᠠᠷ ᠮᠠᠶᠢᠬᠠᠨ ᠨᠢ ᠮᠤᠩᠭᠤᠯ ᠦᠨᠳᠦᠰᠦᠳᠡᠨ ᠤ ᠡᠬᠦᠰᠦᠯ ᠲᠡᠦᠬᠡ᠂ ᠮᠠᠨᠳᠤᠯ ᠬᠦᠭᠵᠢᠯ ᠤᠨ ᠪᠠᠭᠠᠳᠤᠷᠯᠢᠭ ᠲᠤᠤᠯᠢ ᠬᠢᠭᠡᠳ ᠮᠤᠩᠭᠤᠯ ᠬᠦᠮᠦᠨ ᠤ ᠰᠦᠰᠦ ᠵᠤᠷᠢᠭ᠂ ᠰᠡᠴᠡᠨ ᠤᠬᠠᠭᠠᠨ᠂ ᠵᠠᠩ ᠴᠢᠨᠠᠷ ᠲᠠᠢ ᠨᠢᠬᠳᠠ ᠬᠤᠯᠪᠤᠭᠳᠠᠳᠠᠭ᠃ ᠴᠠᠴᠠᠷ ᠮᠠᠶᠢᠬᠠᠨ ᠤ ᠭᠡᠮᠵᠢᠶ᠎ᠡ᠂ ᠬᠡᠯᠪᠡᠷᠢ᠂ ᠬᠡᠷᠡᠭᠴᠡᠭᠡ᠂ ᠤᠨᠴᠠᠯᠢᠭ  ᠎ ᠢ ᠨᠢ  ᠦᠨᠳᠦᠰᠦᠯᠡᠵᠦ  ᠪᠠᠶᠢᠭᠠᠳ ᠲᠠᠭᠳᠤ᠂ ᠴᠠᠴᠠᠷ᠂ ᠮᠠᠶᠢᠬᠠᠨ᠂ ᠵᠤᠳᠤᠭᠠᠷ ᠬᠡᠵᠦ ᠶᠡᠷᠦᠩᠬᠡᠢ ᠳᠡᠭᠡᠨ ᠲᠦᠷᠪᠡ ᠠᠩᠬᠢᠯᠠᠨ᠎ᠠ᠃     ᠲᠠᠭᠳᠤ ᠪᠤᠯ ᠮᠤᠩᠭᠤᠯ ᠬᠠᠭᠠᠳ ᠤᠨ ᠤᠷᠳᠤᠨ᠂ ᠲᠠᠷᠤᠢ ᠲᠦᠷᠦ ᠬᠦᠷᠦᠨ ᠤ ᠶᠤᠰᠤᠯᠠᠯ ᠬᠤᠷᠢᠮ ᠤᠨ ᠭᠠᠵᠠᠷ ᠪᠤᠯᠤᠨ᠎ᠠ᠃ ᠪᠠᠷᠢᠯᠭ᠎ᠠ ᠶᠢᠨ ᠬᠡᠯᠪᠡᠷᠢ ᠮᠠᠶ᠋ᠢᠭ ᠨᠢ ᠠᠰᠠᠷ ᠬᠠᠷᠰᠢ ᠮᠡᠳᠦ ︵ᠵᠠᠷᠢᠮ ᠨᠢ ᠪᠦᠮᠪᠦᠷᠭᠡᠨ ᠤᠷᠤᠢ ᠲᠠᠢ︶᠂ ᠢᠰᠡᠭᠡᠢ ᠲᠤᠭᠤᠷᠭ᠎ᠠ ᠲᠠᠢ᠂ ᠤᠷᠤᠢ ᠲᠡᠭᠡᠷ᠎ᠡ ᠪᠠᠨ ᠨᠠᠷᠠᠨ ᠰᠠᠷᠠᠨ ᠤ ᠰᠦᠯᠳᠡ ᠮᠠᠨᠳᠠᠯ ᠲᠠᠢ᠂ ᠲᠦᠪ ᠶᠡᠬᠡᠮᠰᠦᠭ᠂ ᠭᠡᠭᠡᠨᠴᠢᠷ ᠭᠤᠶᠤᠮᠰᠤᠭ᠂ ᠮᠠᠰᠢ ᠨᠠᠷᠢᠯᠢᠭ ᠭᠡ ᠤᠷᠠᠯᠠᠯ ᠲᠠᠢ᠂ ᠪᠠᠭᠳᠠᠭᠠᠮᠵᠢ ᠶᠡᠭᠡ ᠲᠠᠢ᠃ ᠡᠬᠦᠨ ᠢ ᠬᠢᠳᠠᠳ ᠤᠨ ᠲᠡᠦᠬᠡᠨ ᠲᠡᠮᠳᠡᠭᠯᠡᠯ ᠳᠤ ᠬᠠᠨ ᠤᠷᠳᠤᠨ ︵翰耳朵︶ ᠬᠡᠵᠦ ᠠᠪᠢᠶᠠᠯᠠᠭᠰᠠᠨ  ᠪᠠᠶᠢᠳᠠᠭ᠃ ᠠᠷᠪᠠᠨ ᠭᠤᠷᠪᠠᠳᠤᠭᠠᠷ ᠵᠠᠭᠤᠨ ᠤ ᠦᠶᠡᠰ ᠲᠠᠬᠢ ᠶᠡᠭᠡ ᠮᠤᠩᠭᠤᠯ ᠤᠨ ᠲᠦᠷᠪᠡᠨ ᠶᠡᠭᠡ ᠬᠠᠭᠠᠨᠳᠤ ᠤᠯᠤᠰ ᠤᠨ ᠨᠢᠬᠡᠨ ᠪᠤᠯᠬᠤ ᠬᠢᠪᠴᠠᠭ ᠬᠠᠭᠠᠨᠳᠤ ᠤᠯᠤᠰ  ᠎ ᠢ ᠲᠡᠦᠬᠡᠨ ᠲᠡᠭᠡᠷ᠎ᠡ  ︽ᠠᠯᠳᠠᠨ ᠲᠡᠭᠡᠪᠦᠷᠳᠦ ᠤᠯᠤᠰ︾ ︵金帐汗国) ᠬᠡᠮᠡᠳᠡᠭ᠃ ᠡᠨᠡᠬᠦ ᠨᠡᠷᠡᠶᠢᠳᠦᠯ ᠨᠢ ᠮᠦᠨᠴᠦ ᠮᠤᠩᠭᠤᠯ ᠤᠷᠳᠤᠨ ᠤ ᠢᠰᠡᠭᠡᠢ ᠪᠦᠳᠦᠴᠡ ᠲᠠᠢ ᠠᠰᠠᠷ ᠲᠠᠭᠳᠤ ᠎ ᠠᠴᠠ ᠤᠯᠠᠮᠵᠢᠯᠠᠯ ᠢᠷᠡᠯᠳᠡ ᠲᠠᠢ ᠶᠤᠮ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号