ᠤᠯᠤᠰ᠂ ᠣᠷᠣᠨ᠂ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ | ᠶᠣᠰᠣᠭᠠᠷ᠂ 2023 ᠣᠨ ᠤ ᠲᠠᠶᠢᠹᠤᠰᠧ ᠬᠤᠰᠢᠭᠤᠨ ᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠢ | ᠤᠶᠢᠯᠠᠭᠠᠨ ᠪᠠᠶᠢᠴᠠᠭᠠᠬᠤ ᠳᠤ ᠨᠡᠶᠢᠲᠡ 6 ᠰᠠᠭᠤᠭᠠᠯᠢ ᠲᠣᠭᠤᠷᠢᠭ ᠤᠨ 340 ᠡᠷᠦᠬᠡ ᠶᠢ ᠰᠣᠩᠭᠤᠨ ᠪᠠᠶᠢᠴᠠᠭᠠᠵᠠᠢ᠃ | ᠪᠠᠶᠢᠴᠠᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠵᠦ ᠪᠥᠬᠦ ᠬᠤᠰᠢᠭᠤᠨ ᠤ 2023 ᠣᠨ ᠤ ᠪᠠᠶᠢᠩᠭᠤ ᠰᠠᠭᠤᠭ᠎ᠠ | ᠬᠥᠮᠥᠨ ᠠᠮᠠ ᠶᠢᠨ ᠲᠤᠬᠠᠢ ᠭᠤᠣᠯ ᠪᠣᠯᠬᠤ ᠲᠤᠭ᠎ᠠ ᠪᠠᠷᠢᠮᠲᠠ ᠶᠢ ᠲᠥᠰᠥᠭᠡᠯᠡ᠊ ᠪᠤᠳᠤᠭᠰᠠᠨ ᠪᠠᠶᠢᠳᠠᠯ ᠳᠣᠣᠷᠠᠬᠢ ᠮᠡᠲᠦ | ᠄ | ᠨᠢᠭᠡ᠂ ᠪᠠᠶᠢᠩᠭᠤ ᠰᠠᠭᠤᠭ᠎ᠠ ᠬᠥᠮᠥᠨ ᠠᠮᠠ ᠶᠢᠨ ᠶᠡᠷᠦᠩᠬᠡᠢ ᠲᠤᠭ᠎ᠠ ᠄ 2023 ᠣᠨ ᠤ ᠡᠴᠦᠰ ᠲᠤ᠂ ᠪᠥᠬᠦ | ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 11.01 ᠲᠦᠮᠡ ᠪᠠᠶᠢᠵᠤ᠂ 2022 ᠣᠨ ᠤ ᠡᠴᠦᠰ ᠤᠨ | ᠬᠢ ᠠᠴᠠ 0.03 ᠲᠦᠮᠡ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 0.27 % ᠪᠠᠷ ᠪᠠᠭᠤᠷᠠᠵᠠᠢ᠃ | ᠬᠤᠶᠠᠷ᠂ ᠬᠤᠳᠠ ᠬᠥᠳᠡᠭᠡ ᠶᠢᠨ ᠪᠦᠷᠢᠯᠳᠦᠯ ᠄ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠬᠤᠲᠠ | ᠪᠠᠯᠭᠠᠰᠤᠨ ᠤ ᠬᠥᠮᠥᠨ ᠠᠮᠠ 5.41 ᠲᠦᠮᠡ ᠪᠠᠶᠢᠵᠤ᠂ 2022 ᠣᠨ ᠤ ᠡᠴᠦᠰ ᠠᠴᠠ 0.06 ᠲᠦᠮᠡ | ᠨᠡᠮᠡᠭᠳᠡᠵᠦ᠂ ᠬᠥᠳᠡᠭᠡ ᠲᠣᠰᠬᠤᠨ ᠤ ᠬᠥᠮᠥᠨ ᠠᠮᠠ 5.6 ᠲᠦᠮᠡ ᠪᠠᠶᠢᠵᠤ᠂ 2022 ᠣᠨ ᠤ ᠡᠴᠦᠰ ᠠᠴᠠ 0. | 09 ᠲᠦᠮᠡ ᠪᠠᠭᠠᠰᠪᠠ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 49. | 14 % ᠪᠠᠶᠢᠵᠤ᠂ 2022 ᠣᠨ ᠤ ᠬᠢ ᠠᠴᠠ 0.68 ᠵᠠᠭᠤᠨ ᠤ ᠬᠤᠪᠢ ᠶᠢᠨ ᠨᠢᠭᠡᠴᠢ ᠳᠡᠭᠡᠭᠰᠢᠯᠡᠵᠡᠢ᠃ | ᠭᠤᠷᠪᠠ᠂ ᠨᠠᠰᠤᠨ ᠤ ᠪᠦᠷᠢᠯᠳᠦᠯ᠄ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ 0 ︱ 14 | ᠨᠠᠰᠤᠨ ᠤ ᠬᠥᠮᠥᠨ ᠠᠮᠠ 1.23 ᠲᠦᠮᠡ ᠪᠠᠶᠢᠵᠤ 11.17% ᠶᠢ ᠡᠵᠡᠯᠡᠨ᠂ 15 ︱ 59 ᠨᠠᠰᠤᠨ ᠤ ᠬᠥᠮᠥᠨ | ᠠᠮᠠ 6.22 ᠲᠦᠮᠡ ᠪᠠᠶᠢᠵᠤ 56.5% ᠶᠢ ᠡᠵᠡᠯᠡᠨ᠂ 60 ᠠᠴᠠ ᠲᠡᠭᠡᠭᠰᠢ ᠨᠠᠰᠤᠨ ᠤ ᠬᠥᠮᠥᠨ ᠠᠮᠠ 3.56 | ᠲᠦᠮᠡ ᠪᠠᠶᠢᠵᠤ᠂ 32.33% ᠶᠢ ᠡᠵᠡᠯᠡᠨ᠂ ᠡᠭᠦᠨ ᠤ ᠲᠤᠳᠤᠷ᠎ᠠ 65 ᠠᠴᠠ ᠳᠡᠭᠡᠭᠰᠢᠬᠢ ᠨᠠᠰᠤᠨ ᠤ ᠬᠥᠮᠥᠨ | ᠠᠮᠠ 2.4 ᠲᠦᠮᠡ ᠪᠠᠶᠢᠵᠤ᠂ 21.8% ᠶᠢ ᠡᠵᠡᠯᠡᠪᠡ᠃ 2022 ᠣᠨ ᠤ ᠬᠢ ᠲᠠᠢ ᠬᠠᠷᠢᠴᠠᠭᠤᠯᠪᠠᠯ 0 ︱ | 14 ᠨᠠᠰᠤᠨ ᠤ ᠬᠥᠮᠥᠨ ᠠᠮᠠ ᠶᠢᠨ ᠪᠠᠶᠢᠳᠠᠯ ᠦᠨᠳᠦᠰᠦᠨ ᠳᠡᠭᠡᠨ ᠬᠤᠪᠢᠷᠠᠯᠲᠠ ᠦᠭᠡᠢ ᠪᠠᠶᠢᠵᠤ᠂ 15 ︱ 59 | ᠨᠠᠰᠤᠨ ᠤ ᠬᠥᠮᠥᠨ ᠠᠮᠠ 0.02 ᠲᠦᠮᠡ ᠬᠠᠰᠤᠭᠳᠠᠨ᠂ 60 ᠠᠴᠠ ᠳᠡᠭᠡᠭᠰᠢᠬᠢ ᠨᠠᠰᠤᠨ ᠤ ᠬᠥᠮᠥᠨ ᠠᠮᠠ 0.01 | ᠲᠦᠮᠡ ᠬᠠᠰᠤᠭᠳᠠᠵᠤ᠂ ᠡᠭᠦᠨ ᠤ ᠲᠤᠳᠤᠷ᠎ᠠ 65 ᠠᠴᠠ ᠳᠡᠭᠡᠭᠰᠢᠬᠢ ᠨᠠᠰᠤᠨ ᠤ ᠬᠥᠮᠥᠨ ᠠᠮᠠ 0.01 ᠲᠦᠮᠡ | ᠬᠠᠰᠤᠭᠳᠠᠵᠠᠢ᠃ | ᠳᠥᠷᠪᠡ᠂ ᠬᠦᠢᠰᠦ ᠶᠢᠨ ᠪᠦᠷᠢᠯᠳᠦᠯ ᠄ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠡᠷᠡᠭᠲᠡᠢ | ᠬᠥᠮᠥᠨ 5.68 ᠲᠦᠮᠡ ᠪᠠᠶᠢᠵᠤ᠂ 51.59 % ᠶᠢ ᠡᠵᠡᠯᠡᠨ᠂ ᠡᠮᠡᠭᠲᠡᠢ ᠬᠥᠮᠥᠨ 5.33 ᠲᠦᠮᠡ ᠪᠠᠶᠢᠵᠤ᠂ | 48.41% ᠶᠢ ᠡᠵᠡᠯᠡᠪᠡ᠃ | ᠲᠠᠪᠤ᠂ ᠬᠥᠮᠥᠨ ᠠᠮᠠ ᠶᠢᠨ ᠨᠡᠮᠡᠭᠳᠡᠯ ᠬᠤᠷᠤᠭᠳᠠᠯ᠄ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ | ᠲᠥᠷᠥᠭᠰᠡᠨ ᠬᠥᠮᠥᠨ ᠠᠮᠠ 0.1 ᠲᠦᠮᠡ᠂ ᠲᠦᠷᠦᠯᠳᠡ ᠶᠢᠨ ᠨᠣᠷᠮ᠎ᠠ 8.25‰ ᠂ ᠠᠳᠡᠭᠰᠡᠨ ᠬᠥᠮᠥᠨ ᠠᠮᠠ 0. | 18 ᠲᠦᠮᠡ ᠂ ᠦᠬᠦᠯ ᠤᠨ ᠨᠣᠷᠮ᠎ᠠ 16.28‰ ᠪᠠᠶᠢᠵᠤ᠂ ᠬᠥᠮᠥᠨ ᠠᠮᠠ ᠶᠢᠨ ᠠᠶᠠᠨᠳᠠᠭᠠᠨ ᠨᠡᠮᠡᠭᠳᠡᠭᠰᠡᠨ | ᠨᠤᠷᠮ᠎ᠠ ᠨᠢ -8.03‰ ᠪᠠᠶᠢᠭ᠎ᠠ᠃ |