ᠬᠦᠨᠪᠤᠯᠠᠭ ᠰᠤᠮᠤ ᠠᠶᠤᠯᠭᠦᠢ ᠦᠢᠯᠡᠳᠪᠦᠷᠢᠯᠡᠯ ︵ᠭᠠᠯ ᠰᠡᠷᠭᠡᠶᠢᠯᠡᠬᠦ ︶ ᠤᠨ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/4/3
  3 ᠰᠠᠷ᠎ᠠ ᠶᠢᠨ 28 ᠤ ᠡᠳᠦᠷ᠂  ᠬᠦᠨᠪᠤᠯᠠᠭ ᠰᠤᠮᠤ 2024 ᠣᠨ ᠤ ᠠᠶᠤᠯᠭᠦᠢ ᠦᠢᠯᠡᠳᠪᠦᠷᠢᠯᠡᠯ ︵ᠭᠠᠯ ᠰᠡᠷᠭᠡᠶᠢᠯᠡᠬᠦ︶ ᠤᠨ ᠠᠵᠢᠯ ᠤᠨ ᠬᠤᠷᠠᠯ ᠬᠤᠷᠠᠯᠳᠤᠭᠤᠯᠵᠤ᠂  ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂  ᠰᠤᠮᠤᠨ  ᠳᠠᠷᠤᠭ᠎ᠠ ᠭᠦᠸᠧ ᠰᠢᠶᠣᠣ ᠮᠧᠩ ᠬᠤᠷᠠᠯ ᠢ ᠡᠷᠬᠢᠯᠡᠨ᠂  ᠰᠤᠮᠤᠨ ᠤ ᠤᠳᠤᠷᠢᠳᠬᠤ ᠪᠠᠭ ᠤᠨ ᠭᠡᠰᠢᠬᠦᠳ᠂  ᠭᠠᠴᠠᠭ᠎ᠠ ᠲᠠᠭᠠᠭᠠᠴᠢᠯᠠᠭᠰᠠᠨ ᠺᠠᠳ᠋ᠷ᠂ ᠭᠠᠴᠠᠭᠠᠨ ᠤ ᠱᠦᠵᠢ᠂ ᠲᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠬᠠᠪᠤᠷ ᠤᠨ ᠤᠯᠠᠷᠢᠯ ᠤᠨᠴᠠᠭᠠᠶᠢᠯᠠᠨ ᠬᠠᠩᠰᠢ ᠶᠢᠨ ᠬᠤᠭᠤᠴᠠᠭ᠎ᠠ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠣᠯᠠᠨ ᠡᠬᠦᠰᠬᠦ ᠵᠠᠩᠭᠢᠯᠠᠭ᠎ᠠ ᠶᠢᠨ ᠬᠤᠭᠤᠴᠠᠭ᠎ᠠ ᠪᠤᠯᠬᠤᠷ ᠡᠯ᠎ᠡ ᠭᠠᠴᠠᠭ᠎ᠠ ᠨᠢ ᠡᠷᠬᠡᠪᠰᠢ  ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂  ᠲᠠᠶᠢᠪᠤᠰᠢᠷᠠᠵᠤ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠬᠠᠷᠠᠬᠤ  ᠪᠤᠳᠤᠯ ᠰᠡᠳᠬᠢᠯ ᠢ ᠡᠷᠡᠰ ᠲᠡᠪᠴᠢᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠠᠵᠢᠯ ᠬᠢᠵᠦ᠂ ᠠᠶᠤᠯᠭᠦᠢ ᠦᠢᠯᠡᠳᠪᠦᠷᠢᠯᠡᠯ ᠢ ᠴᠥᠬᠦᠷᠡᠰᠢ ᠦᠭᠡᠢ ᠴᠢᠩᠭ᠎ᠠ ᠠᠳᠬᠤᠨ᠂ ᠰᠡᠷᠡᠮᠵᠢ ᠶᠢᠨ ᠬᠤᠩᠬᠤ ᠶᠢ ᠪᠠᠶᠢᠩᠭᠤ ᠲᠤᠤᠨᠢᠭᠤᠯᠵᠤ᠂ ᠪᠦᠬᠦ ᠰᠤᠮᠤᠨ ᠤ ᠠᠶᠤᠯᠭᠦᠢ ᠦᠢᠯᠡᠳᠪᠦᠷᠢᠯᠡᠯ᠂ ᠭᠠᠯ ᠰᠡᠷᠭᠡᠶᠢᠯᠡᠯᠳᠡ ᠵᠢᠴᠢ ᠪᠤᠰᠤᠳ ᠭᠤᠣᠯᠳᠠᠯᠭ᠎ᠠ ᠲᠠᠢ  ᠬᠦᠷᠢᠶ᠎ᠡ  ᠴᠠᠷᠠᠭ᠎ᠠ ᠳᠠᠬᠢ ᠠᠮᠤᠷ ᠲᠦᠪᠰᠢᠨ ᠤ ᠠᠵᠢᠯ ᠤᠨ ᠲᠤᠭᠳᠠᠭᠤᠨ  ᠪᠠᠶᠢᠳᠠᠯ ᠢ  ᠪᠠᠲᠤᠯᠠᠬᠤ ᠬᠡᠷᠡᠭᠲᠡᠢ ᠬᠡᠪᠡ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号