2023 ᠤᠨ ᠤ ᠬᠥᠮᠥᠨ ᠠᠮᠠ ᠶᠢᠨ ᠲᠤᠬᠠᠢ ᠠᠯᠪᠠᠨ ᠮᠡᠳᠡᠭᠡ
ᠨᠡᠶᠢᠲᠡᠯᠡᠭᠰᠡᠨ ᠴᠠᠭ᠄
2024/4/3
   ᠤᠯᠤᠰ᠂ ᠣᠷᠣᠨ᠂ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ ᠲᠠᠶᠢᠹᠤᠰᠧ ᠬᠤᠰᠢᠭᠤᠨ ᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠤᠶᠢᠯᠠᠭᠠᠨ ᠪᠠᠶᠢᠴᠠᠭᠠᠬᠤ ᠳᠤ ᠨᠡᠶᠢᠲᠡ 6 ᠰᠠᠭᠤᠭᠠᠯᠢ ᠲᠣᠭᠤᠷᠢᠭ ᠤᠨ 340 ᠡᠷᠦᠬᠡ ᠶᠢ ᠰᠣᠩᠭᠤᠨ ᠪᠠᠶᠢᠴᠠᠭᠠᠵᠠᠢ᠃ ᠪᠠᠶᠢᠴᠠᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠵᠦ ᠪᠥᠬᠦ ᠬᠤᠰᠢᠭᠤᠨ ᠤ 2023 ᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠲᠤᠬᠠᠢ ᠭᠤᠣᠯ ᠪᠣᠯᠬᠤ ᠲᠤᠭ᠎ᠠ ᠪᠠᠷᠢᠮᠲᠠ ᠶᠢ ᠲᠥᠰᠥᠭᠡᠯᠡ᠊ ᠪᠤᠳᠤᠭᠰᠠᠨ ᠪᠠᠶᠢᠳᠠᠯ ᠳᠣᠣᠷᠠᠬᠢ ᠮᠡᠲᠦ    ᠨᠢᠭᠡ᠂ ᠪᠠᠶᠢᠩᠭᠤ ᠰᠠᠭᠤᠭ᠎ᠠ ᠬᠥᠮᠥᠨ ᠠᠮᠠ ᠶᠢᠨ ᠶᠡᠷᠦᠩᠬᠡᠢ ᠲᠤᠭ᠎ᠠ  ᠄ 2023 ᠣᠨ ᠤ ᠡᠴᠦᠰ ᠲᠤ᠂ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 11.01 ᠲᠦᠮᠡ ᠪᠠᠶᠢᠵᠤ᠂ 2022 ᠣᠨ ᠤ ᠡᠴᠦᠰ ᠤᠨ  ᠬᠢ ᠠᠴᠠ 0.03 ᠲᠦᠮᠡ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 0.27 % ᠪᠠᠷ ᠪᠠᠭᠤᠷᠠᠵᠠᠢ᠃    ᠬᠤᠶᠠᠷ᠂ ᠬᠤᠳᠠ ᠬᠥᠳᠡᠭᠡ ᠶᠢᠨ ᠪᠦᠷᠢᠯᠳᠦᠯ  ᠄  ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠤ ᠬᠥᠮᠥᠨ ᠠᠮᠠ 5.41 ᠲᠦᠮᠡ ᠪᠠᠶᠢᠵᠤ᠂ 2022 ᠣᠨ ᠤ ᠡᠴᠦᠰ ᠠᠴᠠ 0.06 ᠲᠦᠮᠡ  ᠨᠡᠮᠡᠭᠳᠡᠵᠦ᠂  ᠬᠥᠳᠡᠭᠡ ᠲᠣᠰᠬᠤᠨ ᠤ ᠬᠥᠮᠥᠨ ᠠᠮᠠ 5.6 ᠲᠦᠮᠡ ᠪᠠᠶᠢᠵᠤ᠂ 2022 ᠣᠨ ᠤ ᠡᠴᠦᠰ ᠠᠴᠠ 0.09 ᠲᠦᠮᠡ ᠪᠠᠭᠠᠰᠪᠠ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 49.14 % ᠪᠠᠶᠢᠵᠤ᠂ 2022 ᠣᠨ ᠤ ᠬᠢ ᠠᠴᠠ 0.68 ᠵᠠᠭᠤᠨ ᠤ ᠬᠤᠪᠢ ᠶᠢᠨ ᠨᠢᠭᠡᠴᠢ ᠳᠡᠭᠡᠭᠰᠢᠯᠡᠵᠡᠢ᠃    ᠭᠤᠷᠪᠠ᠂ ᠨᠠᠰᠤᠨ ᠤ ᠪᠦᠷᠢᠯᠳᠦᠯ᠄  ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ 0 ︱ 14 ᠨᠠᠰᠤᠨ ᠤ ᠬᠥᠮᠥᠨ ᠠᠮᠠ 1.23 ᠲᠦᠮᠡ ᠪᠠᠶᠢᠵᠤ 11.17% ᠶᠢ ᠡᠵᠡᠯᠡᠨ᠂ 15 ︱ 59 ᠨᠠᠰᠤᠨ ᠤ ᠬᠥᠮᠥᠨ ᠠᠮᠠ 6.22 ᠲᠦᠮᠡ ᠪᠠᠶᠢᠵᠤ 56.5% ᠶᠢ ᠡᠵᠡᠯᠡᠨ᠂ 60 ᠠᠴᠠ ᠲᠡᠭᠡᠭᠰᠢ ᠨᠠᠰᠤᠨ ᠤ ᠬᠥᠮᠥᠨ ᠠᠮᠠ 3.56 ᠲᠦᠮᠡ ᠪᠠᠶᠢᠵᠤ᠂ 32.33% ᠶᠢ ᠡᠵᠡᠯᠡᠨ᠂ ᠡᠭᠦᠨ ᠤ ᠲᠤᠳᠤᠷ᠎ᠠ 65 ᠠᠴᠠ ᠳᠡᠭᠡᠭᠰᠢᠬᠢ ᠨᠠᠰᠤᠨ ᠤ ᠬᠥᠮᠥᠨ ᠠᠮᠠ 2.4 ᠲᠦᠮᠡ ᠪᠠᠶᠢᠵᠤ᠂ 21.8% ᠶᠢ ᠡᠵᠡᠯᠡᠪᠡ᠃  2022 ᠣᠨ ᠤ ᠬᠢ ᠲᠠᠢ ᠬᠠᠷᠢᠴᠠᠭᠤᠯᠪᠠᠯ 0 ︱ 14 ᠨᠠᠰᠤᠨ ᠤ ᠬᠥᠮᠥᠨ ᠠᠮᠠ ᠶᠢᠨ ᠪᠠᠶᠢᠳᠠᠯ ᠦᠨᠳᠦᠰᠦᠨ ᠳᠡᠭᠡᠨ ᠬᠤᠪᠢᠷᠠᠯᠲᠠ ᠦᠭᠡᠢ ᠪᠠᠶᠢᠵᠤ᠂ 15 ︱ 59 ᠨᠠᠰᠤᠨ ᠤ ᠬᠥᠮᠥᠨ ᠠᠮᠠ 0.02 ᠲᠦᠮᠡ ᠬᠠᠰᠤᠭᠳᠠᠨ᠂ 60 ᠠᠴᠠ ᠳᠡᠭᠡᠭᠰᠢᠬᠢ ᠨᠠᠰᠤᠨ ᠤ ᠬᠥᠮᠥᠨ ᠠᠮᠠ 0.01 ᠲᠦᠮᠡ ᠬᠠᠰᠤᠭᠳᠠᠵᠤ᠂ ᠡᠭᠦᠨ ᠤ ᠲᠤᠳᠤᠷ᠎ᠠ 65 ᠠᠴᠠ ᠳᠡᠭᠡᠭᠰᠢᠬᠢ ᠨᠠᠰᠤᠨ ᠤ ᠬᠥᠮᠥᠨ ᠠᠮᠠ 0.01 ᠲᠦᠮᠡ ᠬᠠᠰᠤᠭᠳᠠᠵᠠᠢ᠃    ᠳᠥᠷᠪᠡ᠂ ᠬᠦᠢᠰᠦ ᠶᠢᠨ ᠪᠦᠷᠢᠯᠳᠦᠯ  ᠄ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠡᠷᠡᠭᠲᠡᠢ ᠬᠥᠮᠥᠨ 5.68 ᠲᠦᠮᠡ ᠪᠠᠶᠢᠵᠤ᠂ 51.59 % ᠶᠢ ᠡᠵᠡᠯᠡᠨ᠂ ᠡᠮᠡᠭᠲᠡᠢ ᠬᠥᠮᠥᠨ 5.33 ᠲᠦᠮᠡ ᠪᠠᠶᠢᠵᠤ᠂  48.41% ᠶᠢ ᠡᠵᠡᠯᠡᠪᠡ᠃    ᠲᠠᠪᠤ᠂ ᠬᠥᠮᠥᠨ ᠠᠮᠠ ᠶᠢᠨ ᠨᠡᠮᠡᠭᠳᠡᠯ ᠬᠤᠷᠤᠭᠳᠠᠯ᠄ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠲᠥᠷᠥᠭᠰᠡᠨ ᠬᠥᠮᠥᠨ ᠠᠮᠠ 0.1 ᠲᠦᠮᠡ᠂ ᠲᠦᠷᠦᠯᠳᠡ ᠶᠢᠨ ᠨᠣᠷᠮ᠎ᠠ 8.25‰  ᠂ ᠠᠳᠡᠭᠰᠡᠨ ᠬᠥᠮᠥᠨ ᠠᠮᠠ 0.18 ᠲᠦᠮᠡ  ᠂  ᠦᠬᠦᠯ ᠤᠨ ᠨᠣᠷᠮ᠎ᠠ 16.28‰  ᠪᠠᠶᠢᠵᠤ᠂ ᠬᠥᠮᠥᠨ ᠠᠮᠠ ᠶᠢᠨ ᠠᠶᠠᠨᠳᠠᠭᠠᠨ ᠨᠡᠮᠡᠭᠳᠡᠭᠰᠡᠨ ᠨᠤᠷᠮ᠎ᠠ ᠨᠢ  -8.03‰  ᠪᠠᠶᠢᠭ᠎ᠠ᠃    
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号