ᠬᠤᠲᠠ ᠪᠠᠯᠭᠠᠰᠤᠨ ᠤ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠲᠤᠬᠠᠢ ᠰᠠᠨᠠᠯ ᠬᠤᠷᠢᠶᠠᠬᠤ ᠵᠠᠷᠯᠠᠯ
ᠨᠡᠶᠢᠲᠡᠯᠡᠭᠰᠡᠨ ᠴᠠᠭ᠄
2024/4/7
  ᠣᠶᠢᠷ᠎ᠠ ᠶᠢᠨ ᠵᠢᠯ ᠳᠤ᠂ ᠮᠠᠨ ᠤ ᠬᠤᠰᠢᠭᠤ ᠨᠢ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠬᠥᠮᠥᠨ ᠠᠮᠠ ᠶᠢ ᠲᠥᠪᠯᠡᠷᠡᠭᠦᠯᠬᠦ ᠠᠵᠢᠯ ᠢ ᠬᠦᠴᠦ ᠣᠷᠣᠭᠤᠯᠤᠨ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠬᠤᠲᠠ ᠪᠠᠯᠭᠠᠰᠤᠨ ᠤ ᠣᠷᠣᠨ ᠵᠠᠢ ᠶᠢᠨ ᠪᠠᠶᠢᠷᠢᠰᠢᠯ ᠢ ᠪᠥᠬᠦ ᠬᠦᠴᠦᠨ ᠢᠶᠠᠷ ᠰᠢᠯᠢᠳᠡᠭᠵᠢᠭᠦᠯᠦᠨ᠂ ᠬᠤᠲᠠ ᠪᠠᠯᠭᠠᠰᠤᠵᠢᠯᠲᠠ ᠶᠢᠨ ᠠᠬᠢᠴᠠ ᠶᠢ ᠲᠠᠰᠤᠷᠠᠯᠲᠠ ᠦᠭᠡᠢ  ᠲᠦᠷᠭᠡᠳᠭᠡᠵᠦ᠂  ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠳᠠ ᠶᠢᠨ ᠬᠡᠪᠴᠢᠶ᠎ᠡ ᠶᠢ ᠲᠠᠰᠤᠷᠠᠯᠲᠠ ᠦᠭᠡᠢ ᠦᠷᠭᠡᠳᠭᠡᠭᠡᠳ᠂ ᠬᠤᠲᠠ ᠪᠠᠯᠭᠠᠰᠤᠨ ᠤ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠵᠣᠬᠢᠬᠤ ᠬᠥᠭᠵᠢᠯᠲᠡ ᠲᠠᠢ ᠪᠤᠯᠵᠠᠢ᠃ ᠭᠡᠪᠡᠴᠦ ᠶᠡᠷᠦᠩᠬᠡᠢ ᠳᠤᠨᠢ ᠠᠪᠴᠤ ᠦᠵᠡᠪᠡᠯ᠂ ᠮᠠᠨ ᠤ ᠬᠤᠰᠢᠭᠤᠨ ᠤ ᠬᠤᠲᠠ ᠪᠠᠯᠭᠠᠰᠤᠨ ᠤ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠮᠥᠨ ᠬᠦ ᠡᠬᠢᠯᠡᠯᠲᠡ ᠶᠢᠨ ᠱᠠᠲᠤᠨ ᠳᠠᠭᠠᠨ ᠪᠠᠶᠢᠵᠤ᠂ ᠬᠤᠲᠠ ᠪᠠᠯᠭᠠᠰᠤᠨ ᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ᠂ ᠰᠠᠭᠤᠭᠠᠯᠢ ᠲᠣᠭᠤᠷᠢᠭ ᠤᠨ ᠢᠵᠢ  ᠪᠦᠷᠢᠳᠦᠭᠰᠡᠨ ᠲᠥᠬᠦᠭᠡᠷᠦᠮᠵᠢ᠂ ᠠᠳᠠᠯ ᠠᠬᠤᠢ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠶᠠᠰᠤ ᠴᠢᠨᠠᠷ ᠵᠡᠷᠭᠡ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠬᠤᠲᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠲᠠ ᠶᠢᠨ ᠠᠯᠬᠤᠴᠠ ᠶᠢ ᠪᠠᠰᠠ ᠲᠦᠷᠭᠡᠳᠬᠡᠬᠦ ᠭᠡᠷᠡᠭᠳᠡᠢ ᠪᠠᠶᠢᠨ᠎ᠠ᠃ ᠡᠶᠢᠮᠦ ᠠᠴᠠ᠂ ︽ᠠᠷᠠᠳ ᠤᠨ ᠬᠤᠲᠠ ᠪᠠᠨ ᠠᠷᠠᠳ ᠨᠢ ᠪᠠᠶᠢᠭᠤᠯᠵᠤ᠂ ᠠᠷᠠᠳ ᠤᠨ ᠬᠤᠲᠠ ᠶᠢ ᠠᠷᠠᠳ ᠳᠤ ᠦᠢᠯᠡᠴᠢᠯᠡᠬᠦᠯᠬᠦ︾ ᠴᠢᠬᠤᠯᠠ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠤᠨ  ᠂ ᠬᠤᠲᠠ ᠪᠠᠯᠭᠠᠰᠤᠨ ᠤ ᠴᠢᠳᠠᠮᠵᠢ ᠶᠢ ᠤᠯᠠᠮ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠳᠤᠲᠠᠭᠤᠳᠠᠯ ᠢ ᠨᠦᠬᠦᠪᠦᠷᠢᠯᠡᠨ  ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ︽ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠬᠦᠯᠬᠦ ᠶᠢᠨ ᠲᠦᠯᠦᠭᠡ᠂ ᠡᠳᠦᠭᠡ ᠨᠡᠶᠢᠭᠡᠮ ᠤᠨ ᠡᠯ᠎ᠡ ᠡᠲᠡᠭᠡᠳ ᠠᠴᠠ ᠪᠥᠬᠦ ᠬᠤᠰᠢᠭᠤᠨ ᠤ ᠬᠤᠲᠠ ᠪᠠᠯᠭᠠᠰᠤᠨ ᠤ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠲᠤᠬᠠᠢ ᠰᠠᠨᠠᠯ ᠰᠠᠨᠠᠭᠤᠯᠭ᠎ᠠ ᠬᠤᠷᠢᠶᠠᠬᠤ ᠪᠠᠷ ᠪᠤᠯᠤᠭᠠᠳ᠂  ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠵᠦ ᠪᠠᠶᠢᠨ᠎ᠠ᠄      ᠨᠢᠭᠡ᠂ ᠰᠠᠨᠠᠯ ᠬᠤᠷᠢᠶᠠᠬᠤ ᠴᠠᠭ ᠬᠤᠭᠤᠴᠠᠭ᠎ᠠ    2024 ᠣᠨ ᠤ 4 ᠰᠠᠷ᠎ᠠ ᠶᠢᠨ 7 ᠤ ᠡᠳᠦᠷ ᠠᠴᠠ 2024 ᠣᠨ ᠤ 5 ᠰᠠᠷ᠎ᠠ ᠶᠢᠨ 12  ᠤᠨ ᠡᠳᠦᠷ ᠪᠣᠯᠲᠠᠯ᠎ᠠ᠃    ᠬᠤᠶᠠᠷ᠂ ᠬᠤᠷᠢᠶᠠᠬᠤ ᠠᠭᠤᠯᠭ᠎ᠠ   ᠬᠤᠳᠠ ᠶᠢᠨ ᠲᠣᠭᠤᠷᠢᠭ ᠤᠨ ᠵᠠᠮ ᠨᠡᠪᠳᠡᠷᠡᠯᠭᠡ ᠶᠢ ᠰᠠᠶᠢᠵᠢᠷᠠᠭᠤᠯᠬᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠬᠤᠳᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠰᠢᠯᠢᠳᠡᠭᠵᠢᠭᠦᠯᠬᠦ᠂ ᠬᠤᠳᠠ ᠶᠢᠨ ᠰᠢᠨᠡᠴᠢᠯᠡᠯᠲᠡ ᠶᠢ ᠠᠬᠢᠭᠤᠯᠬᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠬᠤᠳᠠ ᠪᠠᠯᠭᠠᠰᠤᠨ ᠤ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠲᠤᠬᠠᠢ ᠰᠠᠨᠠᠯ ᠰᠠᠨᠠᠭᠤᠯᠭ᠎ᠠ ᠶᠢ ᠪᠠᠭᠳᠠᠭᠠᠨ᠎ᠠ᠃    ᠭᠤᠷᠪᠠ᠂  ᠰᠠᠨᠠᠯ ᠬᠤᠷᠢᠶᠠᠬᠤ ᠠᠷᠭ᠎ᠠ ᠬᠡᠯᠪᠡᠷᠢ   ︵ᠨᠢᠭᠡ︶ ᠠᠰᠠᠭᠤᠯᠲᠠ ᠬᠠᠷᠢᠭᠤᠯᠬᠤ ᠬᠡᠯᠪᠡᠷᠢ ᠪᠠᠷ ᠤᠷᠤᠯᠴᠠᠨ᠎ᠠ᠃     ᠰᠦᠯᠵᠢᠶᠡᠨ ᠤ ᠬᠠᠶ᠋ᠢᠭ  ᠄ https://www.wjx.to p/vm/YNO6TaV.aspx      ᠬᠤᠶᠠᠷ ᠬᠡᠮᠵᠢᠯᠲᠦ ᠺᠣᠳ᠋  ᠄
  ︵ᠬᠤᠶᠠᠷ︶ ᠵᠠᠬᠢᠶ᠎ᠠ ᠪᠢᠴᠢᠬᠦ ᠬᠡᠯᠪᠡᠷᠢ ᠪᠠᠷ ᠤᠷᠤᠯᠴᠠᠨ᠎ᠠ᠃ ᠰᠠᠨᠠᠯ ᠰᠠᠨᠠᠭᠤᠯᠭ᠎ᠠ ᠪᠠᠨ 1209098907@qq.com ᠬᠠᠶ᠋ᠢᠭ  ᠲᠤ ᠢᠮᠧᠯ ᠢᠶᠠᠷ ᠢᠯᠡᠭᠡᠨ᠎ᠡ  ᠂ ᠭᠠᠷᠴᠠᠭ ᠪᠣᠯᠣᠨ ᠳᠠᠭᠠᠯᠳᠤᠭᠤᠯᠤᠯ ᠳᠠᠭᠠᠨ ︽ ᠲᠠᠶᠢᠹᠤᠰᠧ ᠬᠤᠰᠢᠭᠤᠨ ᠤ ᠬᠤᠲᠠ ᠪᠠᠯᠭᠠᠰᠤᠨ ᠤ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠲᠤᠬᠠᠢ ᠰᠠᠨᠠᠯ ᠰᠠᠨᠠᠭᠤᠯᠭ᠎ᠠ︾ ᠬᠡᠮᠡᠨ ᠲᠣᠳᠣᠷᠬᠠᠶᠢᠯᠠᠬᠤ ᠶᠢᠨ ᠬᠠᠮᠲᠤ ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠡ᠂ ᠬᠠᠷᠢᠯᠴᠠᠬᠤ ᠠᠷᠭ᠎ᠠ ᠪᠠᠨ ᠲᠣᠳᠣᠷᠬᠠᠶᠢᠯᠠᠭᠠᠷᠠᠢ᠃ ᠣᠷᠣᠯᠴᠠᠭᠰᠠᠳ ᠤᠨ ᠬᠤᠪᠢ ᠬᠥᠮᠥᠨ ᠤ ᠮᠡᠳᠡᠭᠡ ᠵᠠᠩᠭᠢ ᠪᠠ ᠲᠤᠷᠠᠳᠤᠭᠰᠠᠨ ᠰᠠᠨᠠᠯ ᠰᠠᠨᠠᠭᠤᠯᠭ᠎ᠠ ᠶᠢᠨ ᠨᠢᠭᠤᠴᠠ ᠶᠢ ᠬᠠᠮᠠᠭᠠᠯᠠᠨ᠎ᠠ᠃   ᠲᠠᠶᠢᠹᠤᠰᠧ ᠬᠤᠰᠢᠭᠤᠨ ᠤ ᠬᠤᠲᠠ ᠪᠠᠯᠭᠠᠰᠤᠨ ᠤ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠰ ᠢ ᠬᠠᠯᠠᠮᠵᠢᠯᠠᠵᠤ ᠪᠠᠶᠢᠭ᠎ᠠ ᠡᠯ᠎ᠡ ᠡᠲᠡᠭᠡᠳ ᠤᠨ ᠬᠥᠮᠥᠰ ᠤᠨ ᠢᠳᠡᠪᠬᠢᠲᠡᠢ ᠣᠷᠣᠯᠴᠠᠵᠤ᠂  ᠡᠷᠬᠢᠮ ᠨᠠᠨᠳᠢᠨ ᠰᠠᠨᠠᠯ ᠰᠠᠨᠠᠭᠤᠯᠭ᠎ᠠ  ᠪᠠᠨ ᠢᠯᠡᠭᠦᠬᠡᠨ ᠳᠤᠷᠠᠳᠴᠤ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠬᠤ ᠶᠢ ᠬᠠᠯᠠᠭᠤᠨ ᠢᠶᠠᠷ ᠤᠭᠲᠤᠵᠤ ᠪᠠᠶᠢᠨ᠎ᠠ᠃                                                                                                         ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                                   2024 ᠤᠨ ᠤ 4 ᠰᠠᠷ᠎ᠠ ᠶᠢᠨ 6 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号