ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠬᠤᠷᠢᠶᠠᠬᠤ ᠵᠠᠷᠯᠠᠯ
ᠨᠡᠶᠢᠲᠡᠯᠡᠭᠰᠡᠨ ᠴᠠᠭ᠄
2024/4/7
    ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠬᠤᠷᠢᠶᠠᠬᠤ ᠵᠠᠷᠯᠠᠯ    ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠢᠷᠢ ᠲᠦᠪᠰᠢᠨ ᠪᠠ ᠰᠤᠷᠭᠠᠨ ᠬᠥᠮᠦᠵᠢᠯ ᠤᠨ ᠵᠠᠰᠠᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂  ᠪᠢᠴᠢᠭ ᠡᠷᠳᠡᠮ ᠢᠶᠠᠷ ᠬᠥᠮᠥᠨ ᠢ ᠬᠥᠮᠥᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠡᠳᠦᠭᠡ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠬᠤᠷᠢᠶᠠᠬᠤ ᠪᠠᠷ ᠪᠤᠯᠪᠠ᠃    ᠥᠷᠭᠡᠨ ᠤᠯᠠᠨ ᠠᠷᠠᠳ ᠢᠷᠭᠡᠳ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ ᠤᠲᠠᠰᠤ᠂  ᠵᠠᠬᠢᠳᠠᠯ᠂ ᠢᠮᠧᠯ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠲᠦᠮᠡᠨ ᠤ ᠰᠠᠨᠠᠭᠠᠨ ᠳᠤ ᠬᠦᠷᠦᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃ ᠪᠢᠳᠡ ᠰᠠᠨᠠᠭᠠᠴᠢᠯᠠᠭ᠎ᠠ  ᠠᠴᠠ ᠪᠠᠨ ᠬᠢᠨᠠᠯᠲᠠ ᠶᠢ ᠬᠦᠯᠢᠶᠡᠵᠦ᠂ ᠰᠠᠨᠠᠯ ᠰᠠᠨᠠᠭᠤᠯᠭ᠎ᠠ ᠶᠢ ᠬᠢᠴᠢᠶᠡᠩᠭᠦᠢ ᠪᠠᠷ ᠭᠥᠯᠢᠶᠡᠨ ᠠᠪᠴᠤ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠰᠤᠷᠭᠠᠨ ᠬᠥᠮᠦᠵᠢᠯ ᠤᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠲᠤᠬᠠᠢ ᠨᠡᠶᠢᠭᠡᠮ ᠨᠡᠶᠢᠳᠡ ᠶᠢᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ  ᠲᠡᠭᠡᠭᠰᠢᠯᠡᠬᠦᠯᠬᠦ ᠪᠠᠷ ᠴᠢᠷᠮᠠᠶᠢᠨ᠎ᠠ᠃     ᠬᠠᠷᠢᠯᠴᠠᠬᠤ ᠤᠲᠠᠰᠤ᠄ 0479-5750789      15547974371                     ᠢᠮᠧᠯ ᠢᠯᠡᠭᠡᠬᠦ ᠬᠠᠶ᠋ᠢᠭ᠄ tqjyjjjg@163.com                                                                                ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                                 2024 ᠣᠨ ᠤ 4 ᠰᠠᠷ᠎ᠠ ᠶᠢᠨ 6 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号