ᠲᠠᠶᠢᠹᠤᠰᠧ ᠬᠤᠰᠢᠭᠤ ︽  ᠲᠦᠷᠪᠡᠨ ᠲᠠᠯ᠎ᠠ ᠳᠤ ᠬᠦᠴᠦᠨ ᠢᠶᠠᠨ ᠲᠦᠪᠯᠡᠷᠡᠬᠦᠯᠵᠦ︾  ᠬᠥᠭᠵᠢᠯᠲᠡ ᠶᠢᠨ ︽  ᠤᠷᠢᠳᠠᠴᠢ ᠰᠢᠲᠠᠷ᠎ᠠ︾᠎ ᠶᠢ ᠰᠠᠶᠢᠨ ᠲᠠᠯᠪᠢᠨ᠎ᠠ
ᠨᠡᠶᠢᠲᠡᠯᠡᠭᠰᠡᠨ ᠴᠠᠭ᠄
2024/4/8
   2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ ︾᠎ ᠤᠨ ᠲᠥᠯᠦᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠰᠢᠪᠳᠤᠯᠤᠯᠳᠠ ᠶᠢᠨ ᠵᠢᠯ ᠮᠥᠨ᠃ ᠲᠠᠶᠢᠹᠦᠰᠧ ᠬᠤᠰᠢᠭᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠴᠢᠩᠭ᠎ᠠ ᠠᠳᠬᠤᠨ᠂ ︽ᠲᠦᠷᠪᠡᠨ ᠲᠠᠯ᠎ᠠ  ᠎ ᠳᠤ ᠬᠦᠴᠦᠨ ᠢᠶᠠᠨ ᠲᠦᠪᠯᠡᠷᠡᠬᠦᠯᠬᠦ︾᠎ ᠶᠢ ᠪᠠᠷᠢᠮᠲᠠᠯᠠᠵᠤ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠤᠷᠢᠳᠠᠴᠢ ᠰᠢᠲᠠᠷ᠎ᠠ︾᠎ ᠶᠢ ᠰᠠᠶᠢᠨ ᠲᠠᠯᠪᠢᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠪᠠᠷ ᠪᠠᠶᠢᠨ᠎ᠠ᠃     ᠭᠤᠣᠯᠳᠠᠯᠭ᠎ᠠ ᠲᠠᠢ ᠲᠦᠷᠦᠯ ᠵᠦᠢᠯ ᠲᠡᠭᠡᠷ᠎ᠡ ᠬᠦᠴᠦᠨ ᠢᠶᠠᠨ ᠲᠦᠪᠯᠡᠷᠡᠬᠦᠯᠦᠨ᠎ᠡ᠃  ᠲᠠᠶᠢᠹᠤᠰᠧ ᠬᠤᠰᠢᠭᠤᠨ ᠤ ᠎ ᠬᠢᠨ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠪᠠᠷ ᠭᠠᠷᠳᠠᠴᠠ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠲᠦᠷᠦᠯ ᠵᠦᠢᠯ ᠢ ᠲᠥᠯᠥᠪᠵᠢᠭᠦᠯᠬᠦ ᠡᠬᠦᠰᠴᠡ ᠪᠠ ᠵᠤᠭᠰᠤᠴᠠ ᠪᠣᠯᠭᠠᠵᠤ᠂ ᠴᠠᠭ ᠲᠤᠬᠠᠢ ᠳᠤᠨᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ᠂ ᠲᠡᠭᠡᠳᠦ ᠱᠠᠳᠤ ᠯᠤᠭ᠎ᠠ  ᠬᠠᠷᠢᠯᠴᠠᠭ᠎ᠠ ᠵᠤᠯᠭᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠡᠷᠡᠮᠡᠯᠵᠡᠯᠡᠨ ᠤᠯᠵᠤ᠂ ︽ᠬᠤᠶᠠᠷ ᠶᠡᠭᠡ ᠶᠠᠪᠤᠳᠠᠯ︾ ᠎ ᠢ ᠨᠠᠶᠢᠳᠠᠪᠤᠷᠢᠵᠢᠭᠤᠯᠬᠤ ᠳᠤ ᠠᠩᠬᠠᠷᠤᠯ ᠲᠦᠪᠯᠡᠷᠡᠬᠦᠯᠦᠨ᠂ ᠭᠤᠣᠯᠳᠠᠯᠭ᠎ᠠ ᠲᠠᠢ ᠲᠦᠷᠦᠯ ᠵᠦᠢᠯ ᠢ ᠤᠷᠢᠳᠴᠢᠯᠠᠨ ᠲᠦᠯᠦᠪᠵᠢᠬᠦᠯᠦᠨ ᠨᠥᠭᠡᠴᠡᠯᠡᠵᠦ᠂ ᠦᠨᠡᠨ ᠪᠣᠳᠠᠲᠠᠢ ᠬᠥᠭᠵᠢᠯᠲᠡ ᠪᠠᠷ ᠡᠯ᠎ᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠨ᠎ᠠ᠃ ᠣᠶᠢᠯᠠᠭᠠᠭᠰᠠᠨ ᠢᠶᠠᠷ᠂ 2024 ᠣᠨ ᠳᠤ ᠲᠠᠶᠢᠹᠤᠰᠧ ᠬᠤᠰᠢᠭᠤᠨ ᠤ ᠬᠢᠨ 65 ᠭᠤᠣᠯᠳᠠᠯᠭ᠎ᠠ ᠲᠠᠢ ᠲᠥᠷᠥᠯ ᠵᠦᠢᠯ ᠢ ᠠᠩᠬ᠎ᠠ ᠠᠯᠬᠤᠮ ᠲᠣᠬᠢᠷᠠᠭᠤᠯᠤᠨ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠤᠨ᠂  ᠶᠡᠷᠦᠩᠬᠡᠢ ᠪᠡᠯᠡ  ᠤᠷᠤᠭᠤᠯᠤᠯᠳᠠ 111.6 ᠳ᠋ᠦᠩᠰᠢᠭᠤᠷ ᠲᠥᠭᠦᠷᠢᠭ᠂ ᠡᠨᠡ ᠵᠢᠯ ᠤᠨ ᠪᠡᠯᠡ ᠣᠷᠣᠭᠤᠯᠤᠯᠲᠠ 26.35 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ  ᠲᠦᠯᠦᠪᠯᠡᠵᠡᠢ᠃ ᠡᠭᠦᠨ ᠳᠤ᠂ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ 14᠂ ᠶᠡᠷᠦᠩᠬᠡᠢ ᠪᠡᠯᠡ ᠣᠷᠣᠭᠤᠯᠤᠯᠲᠠ 87.94 ᠳ᠋ᠦᠩᠰᠢᠭᠤᠷ ᠲᠥᠭᠦᠷᠢᠭ᠂ ᠡᠨᠡ ᠵᠢᠯ ᠤᠨ ᠪᠡᠯᠡ ᠣᠷᠣᠭᠤᠯᠤᠯᠲᠠ 18.5 ᠳ᠋ᠦᠩᠰᠢᠭᠤᠷ ᠲᠥᠭᠦᠷᠢᠭ ᠲᠤ ᠬᠦᠷᠴᠦ᠂ ᠬᠤᠰᠢᠭᠤᠨ ᠤ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ 51  ᠂  ᠶᠡᠷᠦᠩᠬᠡᠢ ᠪᠡᠯᠡ ᠣᠷᠣᠭᠤᠯᠤᠯᠲᠠ  23.66 ᠳ᠋ᠦᠩᠰᠢᠭᠤᠷ ᠲᠥᠭᠦᠷᠢᠭ  ᠂  ᠡᠨᠡ ᠵᠢᠯ ᠤᠨ ᠪᠡᠯᠡ ᠣᠷᠣᠭᠤᠯᠤᠯᠲᠠ 7.85 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠵᠦ ᠪᠣᠶ᠃     ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠡᠭᠡᠷ᠎ᠡ ᠬᠦᠴᠦᠨ ᠢᠶᠠᠨ ᠲᠦᠪᠯᠡᠷᠡᠬᠦᠯᠦᠨ᠎ᠡ᠃  ᠲᠠᠶᠢᠹᠤᠰᠧ ᠬᠤᠰᠢᠭᠤ ᠨᠢ ᠲᠤᠰ ᠭᠠᠵᠠᠷ ᠣᠷᠣᠨ ᠤ ᠪᠠᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠰᠢᠯᠢ ᠶᠢᠨ ᠭᠤᠣᠯ ᠠᠶᠢᠮᠠᠭ ᠤᠨ ︽ᠡᠮᠦᠨ᠎ᠡ ᠡᠭᠦᠳᠡ︾᠎ ᠶᠢᠨ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂  ᠤᠷᠤᠨ ᠲᠣᠭᠤᠷᠢᠭ ᠤᠨ ᠬᠥᠭᠵᠢᠯᠲᠡ ᠶᠢ ᠠᠬᠢᠭᠤᠯᠬᠤ᠂ ᠦᠯᠡᠳᠡᠭᠡᠯ ᠡᠬᠢ ᠪᠠᠶᠠᠯᠢᠭ ᠢ ᠪᠤᠵᠠᠭᠠᠶᠢᠷᠠᠭᠤᠯᠬᠤ᠂ ᠬᠥᠭᠵᠢᠯᠲᠡ ᠶᠢᠨ ᠳᠠᠪᠠᠭᠤᠯᠢᠭ ᠢ ᠪᠣᠶᠢᠵᠢᠭᠤᠯᠬᠤ ᠪᠠᠷ ᠭᠤᠣᠯᠳᠠᠯᠭ᠎ᠠ ᠪᠤᠯᠭᠠᠨ᠂ ᠭᠤᠣᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠎ ᠲᠠᠢ ᠠᠵᠢᠯ ᠲᠥᠷᠥᠯ ᠢᠶᠠᠷ ᠬᠠᠷᠠᠯᠳᠠ ᠪᠤᠯᠭᠠᠵᠤ  ᠂ ᠠᠵᠢᠯ ᠤᠨ ᠲᠤᠬᠢᠷᠠᠭᠤᠯᠭ᠎ᠠ ᠶᠢ ᠴᠢᠩᠭᠠᠳᠬᠠᠨ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠬᠥᠮᠥᠷᠭᠡ ᠶᠢ ᠲᠡᠬᠦᠯᠳᠡᠷᠵᠢᠬᠦᠯᠵᠦ᠂ ᠠᠷᠠᠯᠵᠢᠶᠠᠴᠢᠨ ᠤᠷᠢᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ  ᠲᠦᠯᠦᠪᠯᠡᠨ᠂ ︽ᠪᠡᠯᠡᠳᠬᠡᠯ ᠲᠠᠢ ᠳᠠᠶᠢᠯᠠᠯᠳᠤᠭᠠᠨ︾᠎ ᠢ ᠬᠢᠵᠦ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ 2024 ᠣᠨ ᠳᠤ 200 ᠭᠠᠷᠤᠢ ᠠᠵᠤ ᠠᠬᠤᠶᠢᠯᠠᠯ ᠪᠠ ᠪᠠᠶᠢᠭᠤᠯᠤᠮᠵᠢ ᠲᠠᠢ ᠵᠤᠯᠭᠠᠭᠤᠯᠵᠤ  ᠂ 16 ᠲᠥᠷᠥᠯ ᠵᠦᠢᠯ ᠢ ᠭᠡᠷ᠎ᠡ ᠲᠤᠭᠳᠠᠵᠤ ᠨᠠᠶᠢᠳᠠᠪᠤᠷᠢᠵᠢᠭᠤᠯᠤᠨ᠂  ᠲᠦᠷᠦᠯ ᠵᠦᠢᠯ ᠤᠨ ᠭᠠᠷᠳᠠᠮ ᠬᠦᠢᠴᠡᠳᠭᠡᠬᠦ ᠨᠣᠷᠮ᠎ᠠ᠂ ᠠᠵᠢᠯ ᠡᠬᠢᠯᠡᠬᠦ ᠨᠣᠷᠮ᠎ᠠ ᠶᠢ ᠪᠦᠷ 70%᠎ ᠠᠴᠠ ᠲᠡᠭᠡᠭᠰᠢ ᠪᠤᠯᠭᠠᠵᠤ᠂  ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠤᠷᠤᠭᠤᠯᠵᠤ  ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠦᠷᠬᠦᠯᠵᠢᠯᠡᠨ ᠨᠡᠮᠡᠭᠳᠡᠬᠦᠯᠬᠦ ᠪᠠᠷ ᠲᠦᠯᠦᠪᠯᠡᠵᠡᠢ᠃     ᠰᠣᠶᠣᠯ ᠢᠶᠠᠷ ᠬᠥᠮᠥᠨ ᠢ ᠬᠦᠮᠦᠵᠢᠬᠦᠯᠬᠦ ᠳᠤ ᠬᠦᠴᠦᠨ ᠢᠶᠠᠨ ᠲᠦᠪᠯᠡᠷᠡᠬᠦᠯᠦᠨ᠎ᠡ᠃ ᠲᠠᠶᠢᠹᠤᠰᠧ ᠬᠤᠰᠢᠭᠤ  ᠎ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠡᠵᠡᠮᠳᠡᠨ᠂ ᠰᠣᠶᠣᠯ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠶᠢ ᠶᠡᠬᠡᠪᠡᠷ ᠠᠬᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠦᠯᠬᠦᠮᠳᠡᠯ ᠳᠤ ᠬᠦᠴᠦᠨ ᠨᠡᠮᠡᠷᠢᠯᠡᠵᠦ ᠢᠷᠡᠪᠡ᠃ ᠰᠤᠮᠤ ᠰᠢᠶᠠᠩ ᠪᠠᠯᠭᠠᠰᠤᠨ ᠤ ᠣᠯᠠᠨ  ᠲᠦᠮᠡᠨᠴᠢ ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠳᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠡᠷᠭᠡ ᠭᠤᠣᠯ ᠰᠡᠳᠦᠪ ᠎ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ᠤ ᠰᠣᠶᠣᠯ ᠤᠨ ᠦᠷᠦᠭᠡ᠂ ᠠᠷᠠᠳ ᠤᠨ ᠲᠤᠮᠳᠠᠬᠢ ᠰᠣᠶᠣᠯ ᠤᠨ ᠨᠡᠶᠢᠭᠡᠮᠯᠢᠭ ᠢ ᠵᠢᠯᠤᠭᠤᠳᠴᠤ ᠪᠠᠶᠢᠭᠠᠳ ᠪᠥᠬᠦ ᠠᠷᠠᠳ ᠢᠶᠠᠷ ᠢᠶᠠᠨ ᠰᠤᠶᠤᠯ ᠤᠷᠠᠯᠢᠭ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ  ᠂ ᠤᠳᠬ᠎ᠠ ᠤᠷᠠᠯᠢᠭ ᠤᠨ ᠵᠢᠯᠤᠭᠤᠳᠤᠯᠭ᠎ᠠ᠂ ᠤᠷᠠᠨ ᠪᠦᠲᠦᠭᠡᠯ ᠤᠨ ᠦᠵᠡᠭᠦᠯᠦᠯᠭᠡ ᠵᠡᠷᠭᠡ ᠶᠢ ᠢᠳᠡᠪᠬᠢᠲᠡᠢ ᠡᠷᠬᠢᠯᠡᠨ᠂  ᠪᠦᠬᠦ ᠵᠢᠯ ᠳᠤ 200 ᠤᠳᠠᠭᠠᠨ ᠤ ᠠᠵᠢᠯᠯᠠᠭ᠎ᠠ  ᠶᠠᠪᠤᠭᠳᠠᠭᠤᠯᠵᠤ᠂ 10 ᠲᠦᠮᠡᠨ ᠬᠥᠮᠥᠨ ᠤᠳᠠᠭ᠎ᠠ ᠳᠤ ᠠᠰᠢᠭ ᠬᠦᠷᠳᠡᠭᠡᠬᠦ ᠪᠠᠷ ᠲᠦᠯᠦᠪᠯᠡᠵᠡᠢ᠃ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾᠎ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠭᠤᠷᠢᠨ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠬᠢᠬᠦ ᠪᠠ  ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢ ᠶᠡᠬᠡᠪᠡᠷ ᠲᠡᠮᠵᠢᠨ᠂  ᠤᠯᠠᠭᠠᠨᠮᠥ᠋ᠴᠢᠷ ᠤᠨ ᠤᠷᠠᠯᠢᠭ ᠤᠨ ᠲᠥᠪ ᠤᠨ ᠪᠠᠶᠢᠭᠤᠯᠤᠯᠳᠠ ᠶᠢ ᠢᠳᠡᠪᠬᠢᠲᠡᠢ ᠠᠬᠢᠭᠤᠯᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ᠂ ᠰᠢᠯᠢᠳᠡᠭ  ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠰᠢᠨ᠎ᠡ ᠲᠠᠪᠴᠠᠩ ᠬᠠᠩᠭᠠᠬᠤ  ᠪᠤᠯᠤᠨ᠎ᠠ᠃ ︽ᠨᠢᠭᠡ ᠭᠠᠵᠠᠷ ᠣᠷᠣᠨ ᠨᠢᠭᠡ ᠨᠠᠷᠠᠲᠤ ᠲᠡᠮᠳᠡᠭ ᠲᠠᠢ ᠪᠠᠶᠢᠵᠤ᠂ ᠨᠢᠭᠡ ᠭᠠᠵᠠᠷ ᠣᠷᠣᠨ ᠨᠢᠭᠡ ᠥᠪᠡᠷᠮᠢᠴᠡ ᠣᠨᠴᠠᠯᠢᠭ ᠲᠠᠢ ᠪᠠᠶᠢᠬᠤ︾ ᠣᠯᠠᠨ ᠲᠦᠮᠡᠨᠴᠢ ᠴᠢᠨᠠᠷᠲᠠᠢ ᠨᠠᠷᠠᠲᠤ ᠲᠡᠮᠳᠡᠭ ᠤᠨ ᠤᠷᠤᠯᠳᠤᠭᠠᠨ ᠮᠦᠷᠦᠶᠢᠴᠡᠭᠡᠨ ᠢ ᠡᠷᠬᠢᠯᠡᠵᠦ᠂ ︽ ᠬᠦᠳᠡᠭᠡ ᠲᠤᠰᠬᠤᠨ ᠤ ᠬᠦᠯ ᠪᠦᠮᠪᠦᠭᠡ ᠶᠢᠨ ᠤᠷᠤᠯᠳᠤᠭᠠᠨ︾ ︽ᠪᠥᠬᠦ ᠠᠷᠠᠳ ᠤᠨ ᠰᠤᠨᠢᠷᠬᠠᠯᠳᠤ ᠲᠠᠮᠢᠷ ᠤᠨ ᠴᠤᠭᠯᠠᠭᠠᠨ︾ ᠵᠡᠷᠭᠡ ᠥᠪᠡᠷᠮᠢᠴᠡ ᠣᠨᠴᠠᠯᠢᠭ ᠲᠠᠢ ᠤᠷᠤᠯᠳᠤᠭᠠᠨ ᠨᠠᠭᠠᠳᠤᠮ ᠤᠨ ᠥᠷᠨᠢᠩᠭᠦᠢ ᠶᠠᠪᠤᠭᠳᠠᠬᠤ ᠶᠢ ᠠᠬᠢᠭᠤᠯᠤᠨ᠂ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ ᠪᠠᠷ ᠪᠠᠶᠢᠨ᠎ᠠ᠃      ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠬᠤ ᠳᠤ ᠬᠦᠴᠦᠨ ᠢᠶᠠᠨ ᠲᠦᠪᠯᠡᠷᠡᠬᠦᠯᠦᠨ᠎ᠡ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠠᠵᠢᠯ ᠡᠭᠦᠷᠭᠡ ᠶᠢᠨ ᠲᠣᠭᠤᠷᠢᠨ ᠳᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠨ᠂  ᠵᠥᠷᠢᠴᠡᠯ ᠵᠢᠭᠤᠷᠠᠭᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ  ᠂ ᠡᠭᠦᠷᠭᠡ ᠬᠠᠷᠢᠭᠤᠴᠠᠯᠭ᠎ᠠ  ᠶᠢ ᠴᠢᠨᠠᠭᠰᠢᠳᠠ ᠨᠠᠷᠢᠯᠢᠬᠵᠢᠭᠤᠯᠤᠨ᠂  ︽1+N︾ ᠬᠤᠯᠪᠤᠭᠠᠯᠠᠨ ᠡᠶᠡᠳᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠬᠤ ᠲᠠᠢ ᠤᠶᠠᠯᠳᠤᠭᠤᠯᠤᠨ᠂ ᠲᠠᠩᠰᠠ ᠡᠪᠬᠡᠮᠡᠯ ᠢ ᠪᠦᠷᠢᠨᠰᠢᠬᠦᠯᠵᠦ᠂ ︽ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠤ᠂  ᠤᠷᠤᠯᠠᠨ ᠬᠦᠢᠴᠡᠳᠭᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ  ᠡᠷᠬᠢᠯᠡᠨ᠂  ᠱᠠᠭᠠᠷᠳᠠᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ᠂ ᠬᠢᠨᠠᠨ ᠪᠠᠶᠢᠴᠠᠭᠠᠵᠤ ᠰᠢᠯᠭᠠᠨ ᠦᠨᠡᠯᠡᠬᠦ ᠳᠦᠷᠢᠮ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号