ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠲᠤᠰᠬᠠᠢ ᠰᠡᠳᠦᠪᠳᠦ ᠬᠢᠨᠠᠯᠲᠠ ᠲᠠᠯᠪᠢᠬᠤ ᠬᠡᠯᠪᠡᠷᠢ ᠶᠢᠨ ᠵᠦᠪᠯᠡᠯᠭᠡᠨ ᠤ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/4/8
   4 ᠰᠠᠷ᠎ᠠ ᠶᠢᠨ 8᠎ ᠤ ᠡᠳᠦᠷ ᠂  ᠲᠠᠶᠢᠹᠤᠰᠧ  ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ︽︿ᠤᠮᠠᠷᠠᠲᠤ ᠶᠢᠨ ᠭᠤᠷᠪᠠᠨ ᠣᠷᠣᠨ﹀᠎ ᠤ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠲᠤᠰᠬᠠᠢ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠦᠪᠯᠡᠯᠭᠡᠨ ᠤ ᠠᠵᠢᠯ ᠢ ᠠᠬᠢᠭᠤᠯᠬᠤ ᠬᠤᠷᠠᠯ ᠬᠢᠵᠦ᠂ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠶᠠᠩ ᠶᠢᠨ ᠮᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠴᠢ ᠵᠢᠦ ᠴᠧᠩ ᠬᠤᠷᠠᠯ ᠢ ᠡᠷᠭᠢᠯᠠᠵᠠᠢ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠬᠤ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠢᠨᠠᠯᠲᠠ ᠲᠠᠯᠪᠢᠬᠤ ᠬᠡᠯᠪᠡᠷᠢ ᠶᠢᠨ ᠪᠠᠶᠢᠴᠠᠭᠠᠨ ᠰᠤᠳᠤᠯᠵᠤ ᠵᠦᠪᠯᠡᠬᠦ ᠠᠵᠢᠯ ᠢ ᠦᠷᠨᠢᠬᠦᠯᠦᠨ᠂ ᠴᠢᠨᠠᠷ ᠰᠠᠶᠢᠲᠠᠢ ᠰᠠᠨᠠᠯ ᠵᠥᠪᠯᠡᠯᠭᠡ ᠶᠢ ᠳᠤᠷᠠᠳᠴᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠂  ᠡᠷᠴᠢ ᠬᠦᠴᠦᠲᠡᠢ ᠠᠷᠭ᠎ᠠ ᠪᠠᠷᠢᠯ ᠪᠠ ᠪᠣᠳᠠᠲᠠᠢ ᠶᠢ ᠡᠷᠬᠢᠮᠯᠡᠬᠦ ᠤᠪᠤᠷ ᠰᠤᠷᠲᠠᠯ ᠢᠶᠠᠷ ᠨᠢᠭᠡᠳᠦᠯᠲᠡᠢ ᠲᠥᠯᠥᠪᠯᠡᠨ᠂  ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ ︽︿ᠤᠮᠠᠷᠠᠲᠤ ᠶᠢᠨ ᠭᠤᠷᠪᠠᠨ ᠣᠷᠣᠨ﹀᠎ ᠤ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ﹀ ᠲᠤᠰᠬᠠᠢ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠦᠪᠯᠡᠯᠭᠡᠨ ᠤ ᠠᠵᠢᠯ ᠤᠨ ᠲᠦᠰᠦᠪ︾᠎ ᠲᠤ ᠲᠠᠶᠢᠯᠤᠮᠵᠢ ᠬᠢᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠣᠶ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠤᠰᠤᠨ ᠠᠰᠢᠭᠯᠠᠯᠲᠠ ᠶᠢᠨ ᠲᠤᠪᠴᠢᠶ᠎ᠠ᠂ ᠴᠠᠭ ᠠᠭᠤᠷ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶᠠᠨ ᠤ ᠬᠠᠷᠢᠭᠤᠴᠠᠯᠭᠠᠲᠠᠨ ᠵᠢᠴᠢ ᠣᠨᠴᠠ ᠤᠷᠢᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号