ᠴᠢᠶᠠᠨ ᠶᠢᠨ ᠭᠧᠦ ᠪᠠᠯᠭᠠᠰᠤ ︽ᠭᠤᠷᠪᠠᠨ ᠲᠠᠯ᠎ᠠ ᠪᠠᠷ ᠴᠢᠩᠭᠠᠳᠬᠠᠵᠤ︾ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ︽ᠴᠡᠪᠡᠷᠰᠢᠬᠦᠯᠦᠨ᠎ᠡ︾
ᠨᠡᠶᠢᠲᠡᠯᠡᠭᠰᠡᠨ ᠴᠠᠭ᠄
2024/4/8
   ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠤᠯᠠᠮ ᠰᠢᠯᠢᠳᠡᠭᠵᠢᠭᠦᠯᠵᠦ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠴᠢᠶᠠᠨ ᠶᠢᠨ ᠭᠧᠦ  ᠪᠠᠯᠭᠠᠰᠤᠨ ᠤ ᠬᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ ᠪᠦᠬᠦ ᠲᠠᠯ᠎ᠠ ᠪᠠᠷ ᠠᠬᠢᠭᠤᠯᠵᠤ᠂  ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠦᠲᠦᠮᠵᠢᠲᠡᠢ ᠰᠠᠶᠢᠵᠢᠷᠠᠭᠤᠯᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠠᠬᠢᠭᠤᠯᠵᠤ ᠪᠠᠶᠢᠨ᠎ᠠ᠃    ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠨ ᠬᠢᠭᠰᠡᠨ᠃  ᠬᠥᠳᠡᠭᠡ ᠲᠣᠰᠬᠤᠨ ᠤ ᠣᠷᠣᠰᠢᠨ  ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ ᠪᠦᠬᠦ ᠪᠠᠯᠭᠠᠰᠤᠨ ᠤ ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠲᠤᠰᠬᠠᠢ ᠬᠤᠷᠠᠯ ᠬᠤᠷᠠᠯᠳᠤᠭᠤᠯᠬᠤ᠂  ᠪᠠᠯᠭᠠᠰᠤᠨ ᠤ ᠤᠳᠤᠷᠢᠳᠤᠯᠭ᠎ᠠ ᠨᠠᠷ ᠲᠠᠭᠠᠭᠠᠴᠢᠯᠠᠨ ᠵᠢᠯᠤᠭᠤᠳᠬᠤ ᠵᠡᠷᠭᠡ ᠠᠷᠭ᠎ᠠ ᠬᠡᠯᠪᠡᠷᠢ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠡᠭᠦᠷᠭᠡ ᠶᠢ ᠨᠠᠷᠢᠯᠢᠭᠵᠢᠭᠤᠯᠵᠠᠢ᠃ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠪᠠᠷ ᠭᠤᠣᠯᠳᠠᠯᠭ᠎ᠠ ᠪᠤᠯᠭᠠᠨ᠂ ︽ᠴᠢᠶᠠᠨ ᠶᠢᠨ ᠭᠧᠦ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠦᠰᠦᠪ︾ ᠢ ᠲᠤᠭᠳᠠᠭᠠᠵᠤ᠂ ᠬᠤᠭ ᠨᠤᠪᠰᠢ ᠶᠢ ᠴᠤᠭᠯᠠᠭᠤᠯᠬᠤ᠂ ᠴᠡᠪᠡᠷᠯᠡᠬᠦ᠂ ᠲᠡᠭᠡᠭᠡᠪᠦᠷᠢᠯᠡᠬᠦ ᠵᠠᠰᠠᠯᠲᠠ ᠶᠢᠨ ᠵᠠᠭᠪᠤᠷ ᠢ ᠭᠡᠷᠡᠭᠵᠢᠬᠦᠯᠦᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠦᠷ᠎ᠡ ᠪᠦᠲᠦᠮᠵᠢ ᠶᠢ ᠤᠯᠠᠮ ᠲᠡᠭᠡᠭᠰᠢᠯᠡᠬᠦᠯᠦᠭᠰᠡᠨ ᠪᠠᠶᠢᠨ᠎ᠠ᠃      ᠤᠬᠠᠭᠤᠯᠵᠤ ᠳᠠᠶᠢᠴᠢᠯᠠᠬᠤ ᠶᠢ ᠴᠢᠩᠭᠠᠳᠬᠠᠨ᠂ ᠣᠯᠠᠨ ᠲᠦᠮᠡᠨ ᠢ ᠵᠢᠯᠤᠭᠤᠳᠴᠤ ᠵᠠᠰᠠᠯᠳᠠ ᠶᠢᠨ ᠠᠵᠢᠯ ᠳᠤ ᠤᠷᠤᠯᠴᠠᠭᠤᠯᠤᠭᠰᠠᠨ᠃  ᠲᠣᠰᠬᠤᠨ ᠤ ᠠᠷᠠᠳ ᠤᠨ ᠭᠤᠣᠯ ᠴᠣᠭᠴᠠ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠬᠦᠳᠡᠭᠡ ᠲᠣᠰᠬᠤᠨ ᠤ ᠨᠠᠮ ᠤᠨ ᠭᠡᠰᠢᠭᠦᠨ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠣᠷᠴᠢᠨ ᠲᠣᠭᠤᠷᠢᠨ ᠤ ᠴᠡᠪᠡᠷᠯᠡᠭᠡ ᠴᠡᠭᠴᠡᠯᠡᠯᠳᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠦᠨ᠂ ︽ᠡᠭᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ︾ ᠶᠢᠨ ᠳᠦᠷᠢᠮ ᠢ ᠬᠡᠷᠡᠭᠵᠢᠭᠦᠯᠵᠦ᠂ ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ ᠤᠨ ᠬᠤᠪᠢ ᠬᠤᠷᠠᠮᠳᠤᠭᠤᠯᠬᠤ ᠳᠦᠷᠢᠮ ᠢ ᠭᠡᠷᠡᠭᠵᠢᠬᠦᠯᠬᠦ ᠪᠠ ︽ᠴᠡᠪᠡᠷ ᠴᠮᠴᠡᠭᠡᠷ ᠠᠶᠢᠯ ᠭᠡᠷ︾ ︽ᠴᠡᠪᠡᠷ ᠰᠠᠶᠢᠬᠠᠨ ᠬᠦᠷᠢᠶ᠎ᠡ ᠬᠠᠰᠢᠶ᠎ᠠ︾ ᠶᠢ  ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠵᠡᠷᠭᠡ ᠳᠤ ᠲᠦᠰᠢᠭᠯᠡᠨ᠂ ᠲᠣᠰᠬᠤᠨ ᠤ ᠠᠷᠠᠳ ᠤᠨ ᠣᠷᠴᠢᠨ ᠲᠣᠭᠤᠷᠢᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠣᠷᠴᠢᠨ ᠲᠣᠭᠤᠷᠢᠨ ᠤ ᠵᠠᠰᠠᠯᠳᠠ ᠳᠤ  ︽ᠬᠥᠮᠥᠨ ᠪᠦᠬᠦᠨ ᠣᠷᠣᠯᠴᠠᠵᠤ᠂ ᠡᠷᠦᠬᠡ ᠪᠣᠯᠭᠠᠨ ᠬᠦᠳᠡᠯᠦᠯᠴᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠠᠳ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ ᠠᠬᠢᠭᠤᠯᠬᠤ ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠪᠣᠶ ᠪᠤᠯᠭᠠᠭᠰᠠᠨ ᠪᠠᠶᠢᠨ᠎ᠠ᠃     ᠴᠡᠪᠡᠷᠯᠡᠭᠡ ᠴᠡᠭᠴᠡᠯᠡᠯᠳᠡ ᠶᠢ ᠴᠢᠩᠭᠠᠳᠬᠠᠨ᠂ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠭᠰᠠᠨ᠃  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠥᠷᠲᠡᠭᠡ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠳᠡᠰ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠴᠡᠭ ᠢ ᠪᠠᠶᠢᠭᠤᠯᠤᠨ᠂ ︽ᠣᠯᠠᠨ ᠲᠦᠮᠡᠨ ᠤᠬᠠᠮᠰᠠᠷ ᠠᠴᠠ ᠪᠠᠨ ᠣᠷᠣᠯᠴᠠᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢᠳᠠᠳ ᠢᠳᠡᠪᠬᠢᠳᠡᠢ ᠬᠠᠮᠵᠢᠯᠴᠠᠬᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠪᠦᠲᠦᠮᠵᠢᠲᠡᠶ ᠨᠥᠬᠦᠪᠦᠷᠢᠯᠡᠬᠦ︾ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂  ᠣᠷᠴᠢᠨ ᠲᠣᠭᠤᠷᠢᠨ ᠤ ︽ ᠪᠤᠵᠠᠷ ᠮᠠᠭᠤᠬᠠᠢ᠂  ᠡᠮᠬᠢ ᠲᠢᠭᠯᠡᠮ ᠦᠬᠡᠢ︾ ᠪᠠᠶᠢᠬᠤ ᠠᠰᠠᠭᠤᠳᠠᠯ ᠢ  ᠰᠢᠢᠳᠪᠦᠷᠢᠯᠡᠨ᠂ ᠡᠳᠦᠷ ᠲᠤᠲᠤᠮ ᠤᠨ ᠬᠤᠭ ᠨᠣᠪᠰᠢ ᠰᠢᠢᠳᠪᠦᠷᠢᠯᠡᠬᠦ᠂ ᠵᠡᠭᠡᠯᠢ ᠭᠤᠳᠤᠮᠵᠢ ᠴᠡᠪᠡᠷᠯᠡᠬᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠰᠦᠯᠢᠶᠥᠦ ᠪᠦᠷᠬᠦᠪᠴᠢ ᠶᠢ ᠴᠡᠪᠡᠷᠯᠡᠬᠦ ᠵᠡᠷᠭᠡ ᠠᠵᠢᠯ ᠲᠠᠢ ᠤᠶᠠᠯᠳᠤᠭᠤᠯᠵᠤ᠂ ᠠᠶᠢᠯ ᠲᠣᠰᠬᠤᠨ ᠤ  ᠴᠡᠪᠡᠷᠯᠡᠭᠡ ᠴᠡᠭᠴᠡᠯᠡᠯᠳᠡ ᠶᠢᠨ ᠠᠵᠢᠯᠯᠠᠭ᠎ᠠ ᠶᠢ ᠭᠦᠨᠵᠡᠭᠡᠢ ᠦᠷᠨᠢᠬᠦᠯᠦᠭᠡᠳ ᠪᠥᠬᠦ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃    ᠳᠠᠷᠠᠭᠠᠴᠢ ᠶᠢᠨ ᠠᠯᠬᠤᠮ ᠳᠤ᠂ ᠴᠢᠶᠠᠨ ᠶᠢᠨ ᠭᠧᠦ ᠪᠠᠯᠭᠠᠰᠤ ᠨᠢ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠦᠷᠭᠦᠯᠵᠢᠯᠡᠨ ᠪᠠᠷᠢᠮᠲᠠᠯᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠭᠤᠯᠭ᠎ᠠ ᠶᠢᠨ ᠡᠷᠴᠢᠮ ᠢ   ᠲᠠᠰᠤᠷᠠᠯᠳᠠ ᠦᠬᠡᠢ ᠴᠢᠩᠭᠠᠷᠠᠭᠤᠯᠤᠨ᠂ ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯ ᠢ ᠪᠠᠶᠢᠩᠭᠤ  ᠶᠢᠨ ᠴᠢᠨᠠᠷᠳᠠᠢ ᠥᠷᠨᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠭᠡᠷᠡᠭᠯᠡᠨ ᠣᠷᠴᠢᠨ ᠲᠣᠭᠤᠷᠢᠨ ᠤ ᠵᠠᠰᠠᠯᠳᠠ ᠶᠢᠨ  ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠯᠠᠪᠳᠠᠭᠤᠨ ᠪᠠᠲᠤᠲᠠᠢ ᠠᠷᠭ᠎ᠠ ᠪᠠᠷ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠵᠡᠰᠬᠦᠯᠡᠩᠳᠦ ᠪᠤᠯᠪᠠᠰᠤᠨ ᠴᠢᠶᠠᠨ ᠶᠢᠨ ᠭᠧᠦ ᠪᠠᠯᠭᠠᠰᠤ ᠶᠢ  ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠪᠠᠷ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号