ᠨᠡᠶᠢᠭᠡᠮ ᠲᠣᠭᠤᠷᠢᠭ ᠲᠤ ᠬᠠᠤᠯᠢ ᠲᠦᠷᠢᠮ ᠢ ᠤᠬᠠᠭᠤᠯᠵᠤ ᠠᠷᠠᠳ ᠢᠷᠭᠡᠳ ᠲᠤ ᠠᠰᠢᠭ ᠲᠤᠰᠠ ᠬᠦᠷᠳᠡᠭᠡᠨ᠎ᠡ
ᠨᠡᠶᠢᠲᠡᠯᠡᠭᠰᠡᠨ ᠴᠠᠭ᠄
2024/4/9
   ᠬᠠᠷᠢᠶ᠎ᠠ ᠣᠷᠣᠨ ᠤ ᠪᠠᠨ ᠠᠷᠠᠳ ᠢᠷᠭᠡᠳ ᠤᠨ ᠬᠠᠤᠯᠢ ᠲᠦᠷᠢᠮ ᠤᠨ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 9᠎ ᠤ ᠡᠳᠦᠷ   ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠲᠥᠪ ᠨᠢ ᠲᠠᠶᠢᠹᠤᠰᠧ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠲᠠᠢ ᠬᠤᠯᠪᠤᠭᠠᠯᠠᠵᠤ ᠪᠤᠤᠴᠠᠩ ᠪᠠᠯᠭᠠᠰᠤᠨ ᠤ ᠰᠢᠨ ᠬᠤᠸᠠ  ᠨᠡᠶᠢᠬᠡᠮ ᠲᠣᠭᠤᠷᠢᠭ ᠲᠤ ᠭᠦᠨᠵᠡᠭᠡᠶᠢᠷᠡᠨ ︽ ᠨᠡᠶᠢᠬᠡᠮ ᠲᠤᠭᠤᠷᠢᠭ ᠲᠤ ᠬᠠᠤᠯᠢ ᠲᠦᠷᠢᠮ ᠢ ᠤᠬᠠᠭᠤᠯᠵᠤ ᠠᠷᠠᠳ ᠢᠷᠭᠡᠳ ᠲᠤ ᠠᠰᠢᠭ ᠲᠤᠰᠠ ᠬᠦᠷᠳᠡᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠳᠠᠳ ᠠᠴᠠ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠲᠤ ︽ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠭᠡᠷᠡᠴᠢᠯᠡᠭᠡ ᠶᠢᠨ ᠬᠠᠤᠯᠢ︾᠂ ︽ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠳᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠢ ᠬᠤᠪᠢ ᠲᠠᠷᠬᠠᠭᠠᠵᠤ᠂ ᠬᠠᠤᠯᠢ ᠴᠠᠭᠠᠵᠠ ᠶᠢᠨ ᠲᠤᠬᠠᠢ ᠠᠰᠠᠭᠤᠵᠤ ᠯᠠᠪᠯᠠᠭᠰᠠᠨ ᠵᠦᠢᠯ ᠳᠤ ᠨᠠᠷᠢᠨ ᠲᠤᠳᠤᠷᠬᠠᠢ ᠬᠠᠷᠢᠭᠤᠯᠳᠠ ᠦᠭᠬᠦᠭᠰᠡᠨ ᠪᠠᠶᠢᠨ᠎ᠠ᠃  ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠳᠤ ᠦᠨ᠎ᠡ ᠲᠦᠯᠦᠪᠦᠷᠢ ᠦᠭᠡᠢ ᠪᠠᠷ ᠬᠠᠤᠯᠢ ᠶᠢᠨ ᠵᠥᠪᠯᠡᠯᠭᠡ ᠦᠭᠴᠦ᠂ ᠬᠠᠤᠯᠢ ᠶᠢᠨ ᠮᠡᠳᠡᠯᠭᠡ ᠶᠢ ᠲᠦᠬᠡᠮᠡᠯᠵᠢᠬᠦᠯᠦᠭᠡᠳ ᠤᠯᠠᠨ ᠲᠦᠮᠡᠨ ᠤ ᠬᠠᠤᠯᠢ ᠶᠢ ᠨᠠᠩ ᠰᠠᠶᠢᠨ ᠤᠶᠢᠯᠠᠭᠠᠵᠤ᠂ ᠬᠠᠤᠯᠢ ᠲᠦᠷᠢᠮ ᠢᠶᠠᠷ ᠡᠷᠬᠡ ᠠᠰᠢᠭ ᠢᠶᠠᠨ ᠬᠠᠮᠠᠭᠠᠯᠠᠬᠤ ᠎ ᠳᠤᠨᠢ ᠪᠠᠳᠤᠯᠠᠭ᠎ᠠ ᠪᠤᠯᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号