ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠰᠦᠢᠳᠭᠡᠯ ᠢ ᠤᠷᠢᠳᠴᠢᠯᠠᠨ ᠲᠤᠰᠢᠶᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/9
  ᠶᠡᠷᠦᠩᠬᠡᠢ ᠱᠦᠵᠢ ᠰᠢ ᠶᠢᠨ ᠫᠢᠩ ᠤᠨ ︽ ᠤᠰᠤ ᠪᠠᠷ ᠲᠦᠷᠪᠡ ᠶᠢ ᠲᠣᠭᠲᠠᠭᠠᠬᠤ︾ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠎ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠭᠡᠷᠡᠭᠵᠢᠬᠦᠯᠦᠨ᠂ ᠤᠰᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ︽ᠭᠤᠷᠪᠠᠨ ᠤᠯᠠᠭᠠᠨ ᠱᠤᠭᠤᠮ︾᠎ ᠢ  ᠴᠢᠩᠭᠠᠳᠬᠠᠨ᠂ ᠬᠡᠮᠵᠢᠶ᠎ᠡ ᠲᠠᠢ ᠭᠡᠷᠡᠭᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ︽ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠡᠵᠡᠮᠳᠡᠯ ᠢ ᠴᠢᠩᠭᠠᠳᠬᠠᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠬᠦᠯᠵᠦ ᠠᠰᠢᠭᠯᠠᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠡᠷᠡᠭᠵᠢᠭᠦᠯᠬᠦ ᠰᠠᠨᠠᠯ︾ ︽ ᠲᠠᠶᠢᠹᠤᠰᠧ ᠬᠤᠰᠢᠭᠤᠨ ᠤ ᠲᠠᠷᠢᠶᠠᠯᠠᠩ ᠦᠢᠯᠡᠳᠪᠦᠷᠢᠯᠡᠯ ᠤᠨ ᠤᠰᠤ ᠠᠷᠪᠢᠯᠠᠬᠤ ᠶᠢ ᠠᠬᠢᠭᠤᠯᠬᠤ ᠬᠡᠷᠡᠭᠵᠢᠭᠦᠯᠬᠦ ᠲᠦᠰᠦᠪ︾᠎ ᠢ ᠦᠨᠳᠦᠰᠦᠯᠡᠵᠦ᠂ 2024 ᠣᠨ ᠠᠴᠠ ᠡᠬᠢᠯᠡᠨ ᠪᠥᠬᠦ ᠬᠤᠰᠢᠭᠤᠨ ᠤ ᠬᠡᠪᠴᠢᠶᠡᠨ ᠳᠤ ᠲᠠᠷᠢᠶᠠᠯᠠᠩ ᠳᠤ ᠬᠡᠷᠡᠭᠯᠡᠬᠦ ᠤᠰᠤᠨ ᠤ ᠰᠦᠢᠳᠬᠡᠯ ᠢ ᠤᠷᠢᠳᠴᠢᠯᠠᠨ ᠲᠤᠰᠢᠶᠠᠬᠤ ᠠᠷᠭ᠎ᠠ ᠲᠦᠷᠢᠮ ᠢ ᠭᠡᠷᠡᠭᠵᠢᠬᠦᠯᠬᠦ ᠎ ᠪᠠᠷ ᠲᠤᠭᠳᠠᠭᠠᠳ᠂ ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨ᠎ᠠ᠄    ᠨᠢᠭᠡ᠂ ᠪᠥᠬᠦ ᠬᠤᠰᠢᠭᠤᠨ ᠤ ᠤᠰᠤᠯᠠᠯᠲᠠ ᠶᠢᠨ ᠭᠠᠵᠠᠷ ᠲᠤ ᠲᠠᠷᠢᠶᠠᠯᠠᠩ ᠤᠨ ᠦᠢᠯᠡᠳᠪᠦᠷᠢᠯᠡᠯ ᠡᠷᠭᠢᠯᠡᠵᠦ ᠪᠠᠶᠢᠭ᠎ᠠ ᠪᠦᠬᠦᠶᠢᠯᠡ ᠲᠠᠷᠢᠮᠠᠯ ᠤᠨ ᠡᠷᠦᠬᠡ ᠨᠢ ᠲᠣᠰ ᠡᠳᠦᠷ ᠠᠴᠠ ᠡᠬᠢᠯᠡᠭᠡᠳ 5 ᠰᠠᠷ᠎ᠠ ᠶᠢᠨ 1᠎ ᠤ ᠡᠳᠦᠷ ᠪᠣᠯᠲᠠᠯ᠎ᠠ ︽ᠤᠷᠢᠳ ᠢᠶᠠᠷ ᠲᠤᠰᠢᠶᠠᠵᠤ ᠳᠠᠷᠠᠭ᠎ᠠ ᠨᠢ ᠤᠰᠤᠯᠠᠬᠤ︾ ᠠᠷᠭ᠎ᠠ ᠮᠠᠶ᠋ᠢᠭ ᠢᠶᠠᠷ ᠤᠰᠤᠨ ᠤ ᠰᠦᠢᠳᠬᠡᠯ ᠢᠶᠠᠨ ᠤᠷᠢᠳᠴᠢᠯᠠᠨ ᠲᠤᠰᠢᠶᠠᠬᠤ ᠭᠡᠷᠡᠭᠳᠡᠢ᠃ ᠭᠠᠴᠠᠭ᠎ᠠ ᠲᠣᠰᠬᠤᠨ ᠨᠢ ︽ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠳᠤ ᠭᠡᠷᠡᠭᠯᠡᠬᠦ ᠤᠰᠤᠨ ᠤ ᠲᠦᠷ ᠴᠠᠭ ᠤᠨ ᠦᠨ᠎ᠡ ᠶᠢ ᠲᠤᠭᠳᠠᠭᠠᠬᠤ ᠮᠡᠳᠡᠬᠦᠯᠦᠯᠳᠡ ᠶᠢᠨ ᠲᠤᠬᠠᠢ ᠴᠣᠬᠤᠯᠠᠪᠤᠷᠢ︾ ︵ ᠲᠠᠶᠢᠹᠤᠰᠧ ᠵᠠᠰᠠᠭ ᠥᠰᠥᠭ ﹇2024﹈ 102 ᠲᠣᠭᠠᠲᠤ︶᠎ ᠶᠢ ᠦᠨᠳᠦᠰᠦᠯᠡᠨ᠂ 30 ᠲᠥᠭᠦᠷᠢᠭ \ ᠮᠦ ︵ᠪᠠᠷᠤᠭ 110 ᠪᠣᠰᠤᠭ᠎ᠠ ᠳᠥᠷᠪᠡᠯᠵᠢᠨ ᠮᠧᠲᠷ \ ᠮᠦ︶᠎ ᠶᠢᠨ ᠪᠠᠷᠢᠮᠵᠢᠶ᠎ᠠ ᠪᠠᠷ ᠤᠰᠤᠨ ᠤ ᠰᠦᠢᠳᠬᠡᠯ ᠢ ᠤᠷᠢᠳᠴᠢᠯᠠᠨ ᠬᠤᠷᠢᠶᠠᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠤ ᠦᠶᠡᠯᠡᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠢᠯᠡᠭᠦᠦ ᠶᠢ ᠨᠢ ᠪᠤᠴᠠᠭᠠᠵᠤ ᠳᠤᠲᠠᠭᠤ ᠶᠢ ᠨᠢ ᠨᠥᠬᠦᠪᠦᠷᠢᠯᠡᠬᠦ ᠵᠠᠷᠴᠢᠮ ᠶᠣᠰᠣᠭᠠᠷ ᠤᠰᠤ ᠭᠡᠷᠡᠭᠯᠡᠭᠰᠡᠨ ᠬᠡᠮᠵᠢᠶ᠎ᠡ ᠶᠢ ᠨᠢ ᠦᠨᠳᠦᠰᠦᠯᠡᠵᠦ ᠲᠤᠬᠠᠢ ᠶᠢᠨ ᠵᠢᠯ ᠤᠨ ᠤᠰᠤᠨ ᠤ ᠰᠦᠢᠳᠬᠡᠯ ᠢ ᠪᠣᠳᠠᠲᠠᠢ ᠪᠠᠷ ᠳ᠋ᠦᠩᠨᠡᠨ ᠪᠤᠳᠤᠨ᠎ᠠ᠃    ᠬᠤᠶᠠᠷ᠂ ᠲᠠᠷᠢᠶᠠᠯᠠᠩ ᠳᠤ ᠬᠡᠷᠡᠭᠯᠡᠬᠦ ᠤᠰᠤᠨ ᠤ ᠰᠦᠢᠳᠬᠡᠯ ᠢ ᠤᠷᠢᠳᠴᠢᠯᠠᠨ ᠲᠤᠰᠢᠶᠠᠬᠤ ᠶᠢ ᠲᠡᠪᠴᠢᠪᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠎ ᠶᠢᠨ ᠳᠠᠯᠠᠳᠤᠭᠠᠷ  ᠵᠤᠷᠪᠤᠰ ᠤᠨ ᠲᠣᠭᠲᠠᠭᠠᠯ ᠶᠣᠰᠣᠭᠠᠷ ᠬᠤᠭᠤᠴᠠᠭ᠎ᠠ ᠤᠷᠤᠶᠢᠳᠠᠭᠰᠠᠨ ᠲᠣᠷᠭᠠᠭᠤᠯᠢ ᠶᠢᠨ ᠮᠥᠩᠭᠦ ᠬᠤᠷᠢᠶᠠᠵᠤ᠂ ᠲᠤᠰᠢᠶᠠᠪᠠᠰᠤ ᠵᠣᠬᠢᠬᠤ ᠤᠰᠤᠨ ᠤ ᠰᠦᠢᠳᠬᠡᠯ ᠢ ᠨᠢ ᠡᠷᠳᠡᠨᠢ ᠰᠢᠰᠢ᠂ ᠲᠥᠮᠥᠰᠥ ᠵᠡᠷᠭᠡ ᠦᠢᠯᠡᠳᠪᠦᠷᠢᠯᠡᠯ ᠤᠨ ᠨᠥᠬᠦᠪᠦᠷᠢ ᠠᠴᠠ ᠎ ᠨᠢ  ᠰᠠᠭᠤᠯᠭᠠᠨ ᠠᠪᠬᠤ ᠶᠢᠨ ᠬᠠᠮᠲᠤ  ᠂ ᠬᠤᠯᠪᠤᠭᠳᠠᠭᠰᠠᠳ ᠢ ᠲᠠᠬᠢᠭᠠᠳ ᠪᠥᠬᠦ ᠬᠤᠰᠢᠭᠤᠨ ᠤ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠣᠷᠣᠭᠤᠯᠬᠤ ᠦᠭᠡᠢ᠃   ᠭᠤᠷᠪᠠ᠂ ᠤᠰᠤᠨ ᠤ ᠰᠦᠢᠳᠭᠡᠯ ᠢᠶᠠᠨ ᠤᠷᠢᠳᠴᠢᠯᠠᠨ ᠲᠤᠰᠢᠶᠠᠬᠤ ᠶᠢ ᠲᠡᠪᠴᠢᠪᠡᠯ ᠬᠠᠮᠢᠶ᠎ᠠ ᠪᠦᠬᠦᠢ ᠬᠠᠤᠯᠢ ᠲᠦᠷᠢᠮ ᠤᠨ ᠶᠣᠰᠣᠭᠠᠷ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠢᠲᠡᠭᠡᠯ ᠠᠯᠳᠠᠭᠰᠠᠳ ᠢ  ᠵᠠᠯᠬᠠᠭᠠᠨ ᠴᠡᠭᠡᠷᠯᠡᠭᠦᠯᠬᠦ ᠨᠡᠷᠡᠰ ᠲᠤ ᠣᠷᠣᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠡᠯᠡ ᠮᠥᠩᠭᠦ ᠶᠢᠨ ᠨᠥᠬᠦᠪᠦᠷᠢ᠂ ᠪᠠᠩᠬᠢ ᠶᠢᠨ ᠵᠢᠭᠡᠯᠡᠯᠭᠡ  ᠂ ᠵᠠᠬ᠎ᠠ ᠳᠡᠯᠭᠡᠭᠦᠷ ᠲᠤ ᠤᠷᠤᠬᠤ ᠵᠦᠪᠰᠢᠶᠡᠷᠡᠯ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠵᠡᠷᠭᠡ ᠲᠠᠯ᠎ᠠ ᠪᠠᠷ ᠬᠠᠤᠯᠢ  ᠲᠦᠷᠢᠮ ᠤᠨ ᠲᠠᠭᠠᠤ ᠡᠵᠡᠮᠳᠡᠨ ᠬᠢᠵᠠᠭᠠᠷᠯᠠᠨ᠎ᠠ᠃  ᠡᠯ᠎ᠡ ᠰᠤᠮᠤ ᠰᠢᠶᠠᠩ ᠪᠠᠯᠭᠠᠰᠤ ᠨᠢ ︽ ᠡᠷᠭᠡ ᠲᠤᠰᠢᠶᠠᠯ ᠡᠬᠦᠷᠭᠡ ᠬᠠᠷᠢᠭᠤᠴᠠᠯᠭ᠋  ᠨᠢᠭᠡᠳᠦᠯᠲᠡᠢ ᠪᠠᠶᠢᠬᠤ︾ ᠵᠠᠷᠴᠢᠮ ᠢ ᠴᠢᠩᠭ᠎ᠠ ᠵᠢᠷᠤᠮᠯᠠᠨ᠂ ᠪᠣᠳᠠᠲᠠᠢ ᠡᠵᠡᠩᠨᠡᠯᠲᠡ ᠶᠢᠨ ᠭᠤᠣᠯ ᠴᠣᠭᠴᠠ ᠪᠠ ᠰᠦᠢᠳᠬᠡᠯ ᠲᠤᠰᠢᠶᠠᠬᠤ ᠭᠤᠣᠯ ᠴᠣᠭᠴᠠ ᠶᠢᠨ ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠳᠥᠷᠪᠡ᠂ ᠤᠰᠤᠨ ᠤ ᠰᠦᠢᠳᠭᠡᠯ ᠤᠷᠢᠳᠴᠢᠯᠠᠨ ᠲᠤᠰᠢᠶᠠᠬᠤ ᠶᠢ ᠵᠤᠷᠢᠭᠤᠳᠠ ᠡᠰᠡᠷᠬᠦᠴᠡᠵᠦ ᠲᠡᠪᠴᠢᠭᠰᠡᠨ ᠪᠤᠯ ᠤᠰᠤᠨ ᠠᠰᠢᠭᠯᠠᠯᠲᠠ᠂ ᠴᠠᠬᠢᠯᠭᠠᠨ ᠬᠠᠩᠭᠠᠯᠭ᠎ᠠ ᠶᠢᠨ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ ᠤᠰᠤᠯᠠᠯᠲᠠ ᠳᠤ ᠬᠡᠷᠡᠭᠯᠡᠬᠦ ᠲᠤᠨᠤᠭ ᠲᠦᠬᠦᠭᠡᠷᠦᠮᠵᠢ ᠶᠢᠨ ᠤᠰᠤ ᠴᠠᠬᠢᠯᠭᠠᠨ ᠢ ᠨᠢ ᠠᠯᠪᠠᠳᠠᠯᠭ᠎ᠠ ᠪᠠᠷ ᠲᠠᠰᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ ᠴᠢᠩᠭ᠎ᠠ ᠰᠢᠳᠬᠡᠬᠦ ᠬᠡᠷᠡᠭᠲᠡᠢ᠃    ᠲᠠᠪᠤ᠂ ᠬᠢᠨᠠᠯᠲᠠ ᠲᠠᠯᠪᠢᠬᠤ ᠨᠢᠬᠡᠴᠡ ᠪᠠ ᠢᠯᠡᠴᠢᠯᠡᠨ ᠮᠡᠳᠡᠭᠦᠯᠬᠦ ᠤᠲᠠᠰᠤ    ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠄ 0479 ︱ 5226996    ᠲᠠᠶᠢᠹᠤᠰᠧ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠄ 0479 ︱ 6770000    ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5887015    ᠪᠤᠤᠴᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5222227    ᠴᠢᠶᠠᠨ ᠶᠢᠨ ᠭᠧᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 2265514    ᠯᠦᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠄ 0479 ︱ 5855017    ᠬᠤᠩ ᠴᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5823064    ᠶᠦᠩ ᠹᠧᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 2265017    ᠰᠢᠩ ᠹᠦ᠋ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5899968                                                      ᠲᠠᠶᠢᠹᠤᠰᠧ  ᠬᠤᠰᠢᠭᠤᠨ ᠤ ᠠᠷᠠᠳ ᠤᠨ ᠵᠠᠰᠠᠭ ᠤᠨ ᠣᠷᠳᠣᠨ                             2024 ᠣᠨ ᠤ 4 ᠰᠠᠷ᠎ᠠ ᠶᠢᠨ 8᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号