ᠬᠤᠩ ᠴᠢ ᠪᠠᠯᠭᠠᠰᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/4/9
  ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠪᠠ ᠢᠯᠵᠠᠷᠠᠯ ᠢ ᠰᠡᠷᠭᠡᠶᠢᠯᠡᠬᠦ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠤᠯᠠᠮ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ ᠬᠤᠩ ᠴᠢ ᠪᠠᠯᠭᠠᠰᠤ ᠨᠢ 2024 ᠣᠨ ᠤ  ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠭᠡᠰᠢᠭᠦᠨ ᠺᠠᠳ᠋ᠷ᠂ ᠡᠯ᠎ᠡ ᠲᠣᠰᠬᠤᠨ ᠤ ᠱᠦᠵᠢ ᠪᠠ ᠲᠣᠰᠬᠤᠨ ᠤ ᠺᠠᠳ᠋ᠷᠴᠤᠳ ᠬᠤᠷᠠᠯ ᠳᠤ ᠣᠷᠣᠯᠴᠠᠵᠠᠢ᠃  ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠣᠣ ᠬᠤᠸᠠᠨ ᠢᠦᠢ ᠬᠤᠷᠠᠯ ᠢ ᠡᠷᠭᠢᠯᠡᠨ  ᠂ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠲᠤᠰᠬᠠᠢ ᠰᠡᠳᠦᠪᠲᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠭᠦᠯᠬᠦ   ᠶᠢᠨ ᠬᠠᠮᠲᠤ ᠦᠨᠳᠦᠰᠦᠨ ᠱᠠᠲᠤᠨ ᠤ ᠺᠠᠳ᠋ᠷᠴᠤᠳ ᠤᠨ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠲᠤᠬᠠᠢ ᠭᠤᠣᠯᠳᠠᠯᠭ᠎ᠠ ᠲᠠᠢ ᠪᠠᠶᠢᠷᠢᠯᠠᠭᠤᠯᠤᠯᠳᠠ ᠬᠢᠪᠡ᠃ ᠬᠤᠷᠠᠯ ᠠᠴᠠ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠬᠡᠷᠡᠭ ᠤᠨ ᠵᠢᠱᠢᠶ᠎ᠡ ᠪᠠᠷ ᠲᠣᠯᠢ ᠪᠤᠯᠭᠠᠨ᠂ ︽ᠬᠤᠷᠢᠭ᠎ᠠ ᠱᠤᠭᠤᠮ︾ ᠤᠨ ᠰᠡᠳᠬᠢᠬᠦᠢ ᠪᠠᠨ ᠪᠠᠳᠤᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠶᠢ ᠴᠢᠩᠭ᠎ᠠ ᠰᠠᠬᠢᠨ᠂  ᠦᠪᠡᠷ ᠤᠨ ᠪᠡᠶ᠎ᠡ ᠪᠠᠨ ᠡᠵᠡᠮᠳᠡᠬᠦ ᠶᠢ ᠴᠢᠩᠭᠠᠳᠬᠠᠵᠤ᠂ ︽ᠡᠮᠦᠨ᠎ᠡ ᠨᠢ ᠶᠠᠪᠤᠵᠤ ᠳᠠᠭᠤᠷᠢᠶᠠᠯ ᠪᠣᠯᠬᠤ︾ ᠶᠢ ᠠᠵᠢᠯ ᠤᠨ ᠳᠤᠮᠳᠠ ᠪᠠᠨ ᠢᠯᠡᠷᠡᠬᠦᠯᠦᠨ᠂ ᠦᠶᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠤᠨ ᠪᠡᠶ᠎ᠡ ᠶᠢᠨ ᠭᠠᠷᠤᠯ ᠢᠶᠠᠨ ᠴᠠᠭ ᠢᠮᠠᠭᠲᠠ ᠮᠠᠷᠲᠠᠬᠤ ᠦᠭᠡᠢ ᠪᠠᠶᠢᠵᠤ᠂ ᠢᠲᠡᠭᠡᠯ ᠪᠢᠰᠢᠷᠡᠯ ᠤᠨ ᠰᠠᠭᠤᠷᠢ ᠪᠠᠨ ᠪᠠᠳᠤᠳᠬᠠᠨ  ᠂ ᠡᠷᠬᠡ ᠲᠤᠰᠢᠶᠠᠯ ᠤᠨ ᠦᠵᠡᠯᠲᠡ ᠪᠠᠨ ᠲᠥᠪ ᠪᠣᠯᠭᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠡᠭᠡᠭᠰᠢᠯᠡᠬᠦᠯᠦᠨ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠤᠬᠠᠮᠰᠠᠷ ᠠᠴᠠ ᠪᠠᠨ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ  ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠬᠠᠷᠢᠭᠤᠴᠠᠯᠭ᠎ᠠ  ᠡᠬᠦᠷᠭᠡᠯᠡᠨ ᠵᠤᠷᠢᠭᠳᠠᠢ ᠠᠵᠢᠯᠯᠠᠵᠤ᠂ ᠬᠢᠷᠢ ᠴᠢᠳᠠᠪᠤᠷᠢ  ᠪᠠᠨ ᠲᠠᠰᠤᠷᠠᠯᠳᠠ ᠦᠬᠡᠢ ᠲᠡᠭᠡᠭᠰᠢᠯᠡᠬᠦᠯᠦᠨ᠂  ᠪᠠᠳᠤ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠣᠨ ᠲᠦᠭᠰᠢᠭᠦᠷᠢᠲᠦ ᠰᠡᠳᠬᠢᠯᠭᠡ ᠶᠢ ᠪᠤᠢ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠳᠤ ᠦᠢᠯᠡᠴᠢᠯᠡᠬᠦ ᠬᠡᠷᠡᠭᠲᠡᠢ᠃  ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠡᠪᠦᠷᠯᠡᠵᠦ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠠᠷᠠᠳ ᠲᠦᠮᠡᠨ ᠳᠤ ᠦᠢᠯᠡᠴᠢᠯᠡᠬᠦ ᠰᠡᠳᠬᠢᠯᠭᠡ ᠪᠠ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠲᠤ ᠪᠠᠷ ᠴᠤᠭᠴᠠᠯᠠᠨ᠂ ᠠᠵᠢᠯ ᠬᠢᠵᠦ ᠦᠢᠯᠡᠰ ᠪᠦᠳᠦᠭᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号