ᠬᠤᠩ ᠴᠢ ᠪᠠᠯᠭᠠᠰᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/9
  ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠠ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ  ᠨᠠᠶᠢᠳᠠᠪᠤᠷᠢᠵᠢᠭᠤᠯᠬᠤ ᠪᠠᠷ 4 ᠰᠠᠷ᠎ᠠ ᠶᠢᠨ 8  ᠤ ᠡᠳᠦᠷ ᠬᠤᠩ ᠴᠢ ᠪᠠᠯᠭᠠᠰᠤ ᠨᠢ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ ᠬᠤᠷᠠᠯ ᠳᠤ ᠣᠷᠣᠯᠴᠠᠪᠠ᠃ ᠨᠠᠮ ᠤᠨ ᠬᠤᠷᠢᠶᠠᠨ ᠤ ᠳᠡᠳ᠋ ᠱᠦᠵᠢ ᠾᠧ ᠭᠤᠸᠠᠨ ᠬᠤᠸᠠ ᠬᠤᠷᠠᠯ ᠢ ᠡᠷᠬᠢᠯᠡᠵᠦ᠂ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠦᠭᠡᠳ ᠬᠤᠩ ᠴᠢ ᠪᠠᠯᠭᠠᠰᠤᠨ ᠤ 2023 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠳ᠋ᠦᠩᠨᠡᠯᠳᠡ ᠬᠢᠵᠦ᠂ ᠵᠣᠬᠢᠶᠠᠨ ᠪᠠᠶᠢᠭᠤᠯᠬᠤ ᠠᠵᠢᠯ  ᠂ ᠤᠬᠠᠭᠤᠯᠭ᠎ᠠ ᠶᠢᠨ ᠠᠵᠢᠯ᠂ ᠨᠢᠭᠡᠳᠦᠮᠡᠯ ᠹᠷᠣᠨᠲ ᠤᠨ ᠠᠵᠢᠯ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃  ᠬᠤᠷᠠᠯ  ᠠᠴᠠ᠂ ᠡᠨᠡ ᠵᠢᠯ ᠪᠣᠯ ᠤᠯᠤᠰ ᠪᠠᠶᠢᠭᠤᠯᠤᠭᠳᠠᠭᠰᠠᠨ 75 ᠵᠢᠯ ᠤᠨ ᠣᠶ  ᠪᠦᠭᠡᠳ ︽ᠠᠷᠪᠠᠨ  ᠳᠥᠷᠪᠡᠳᠦᠭᠡᠷ  ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠠᠶᠢᠵᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠪᠥᠬᠦ ᠪᠠᠯᠭᠠᠰᠤ ᠪᠠᠷ ᠢᠶᠠᠨ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ᠂ ᠨᠠᠮ ᠤᠨ ᠪᠠᠶᠢᠭᠤᠯᠤᠯᠲᠠ ᠶᠢᠨ ᠡᠯ᠎ᠡ ᠲᠦᠷᠦᠯ ᠤᠨ ᠠᠵᠢᠯ ᠢ ᠰᠠᠶᠢᠨ ᠬᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠬᠢᠨ ᠲᠡᠭᠡᠭᠰᠢᠯᠡᠵᠦ ᠲᠠᠬᠢᠨ ᠳᠠᠪᠰᠢᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠡᠩ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠤᠤᠱᠯᠠᠭᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠲᠠᠢ ᠤᠶᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾   ᠤᠨ ᠲᠥᠯᠦᠪᠵᠢᠭᠦᠯᠭᠡ ᠶᠢᠨ ᠡᠯ᠎ᠡ ᠲᠦᠷᠦᠯ ᠤᠨ ᠬᠠᠷᠠᠯᠲᠠ ᠡᠭᠦᠷᠭᠡ ᠲᠠᠢ ᠤᠶᠠᠯᠳᠤᠭᠤᠯᠵᠤ  ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠲᠣᠪᠤᠶᠢᠯᠭᠠᠨ᠂ ᠳᠡᠭᠡᠳᠦ ᠱᠠᠲᠤᠨ ᠤ ᠡᠯ᠎ᠡ ᠲᠦᠷᠦᠯ ᠤᠨ ᠠᠵᠢᠯ  ᠤᠨ ᠪᠠᠶᠢᠷᠢᠯᠠᠭᠤᠯᠤᠯᠲᠠ ᠪᠣᠯᠣᠨ ᠰᠢᠢᠳᠪᠦᠷᠢᠲᠦ ᠪᠣᠳᠣᠯᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠦᠨ ᠨᠠᠶᠢᠳᠠᠪᠤᠷᠢᠵᠢᠭᠤᠯᠵᠤ᠂  ᠬᠤᠩ ᠴᠢ ᠪᠠᠯᠭᠠᠰᠤᠨ ᠤ ᠠᠵᠤ ᠠᠬᠤᠢ ᠨᠡᠶᠢᠭᠡᠮ ᠤᠨ ᠡᠯ᠎ᠡ  ᠲᠦᠷᠦᠯ ᠤᠨ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠠᠴᠠ ᠪᠠᠰᠠ ᠬᠠᠮᠢᠶ᠎ᠠ ᠪᠦᠬᠦᠢ ᠠᠵᠢᠯ ᠶᠠᠪᠤᠳᠠᠯ ᠢ ᠲᠣᠬᠢᠷᠠᠭᠤᠯᠤᠨ  ᠪᠠᠶᠢᠷᠢᠯᠠᠭᠤᠯᠵᠠᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号