4 ᠰᠠᠷ᠎ᠠ ᠶᠢᠨ 28 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠣᠯᠪᠠᠰᠤᠷᠠᠯ ᠤᠨ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠳᠤ | ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠰᠤᠷᠤᠯᠴᠠᠯᠭ᠎ᠠ ᠪᠣᠯᠪᠠᠰᠤᠷᠠᠯ | ᠵᠡᠷᠭᠡ ᠠᠵᠢᠯ ᠤᠨ ᠲᠣᠭᠤᠷᠢᠨ ᠳᠤ ᠬᠤᠷᠠᠯ ᠬᠢᠵᠦ ᠶᠠᠷᠢᠯᠴᠠᠨ ᠰᠤᠯᠢᠯᠴᠠᠵᠠᠢ᠃ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠡᠷᠬᠢᠯᠡᠭᠴᠢ ᠲᠢᠶᠠᠨ ᠰᠢᠶᠤᠤ ᠬᠤᠩ | ᠬᠤᠷᠠᠯ ᠳᠤ ᠣᠷᠣᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠬᠤᠯᠪᠣᠭᠳᠠᠯ ᠪᠥᠬᠦᠶ ᠨᠢᠭᠡᠴᠡ ᠶᠢᠨ ᠠᠵᠢᠯ ᠤᠨ ᠪᠠᠶᠢᠳᠠᠯ ᠢ ᠰᠣᠨᠣᠰᠴᠤ᠂ ᠴᠢᠬᠤᠯᠠ ᠠᠰᠠᠭᠤᠳᠠᠯ ᠤᠨ ᠲᠤᠬᠠᠶ | ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ | ᠵᠢᠭᠠᠵᠤ ᠭᠠᠷᠭᠠᠬᠤ ᠳᠠᠭᠠᠨ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ | ᠶᠡᠭᠡ ᠠᠴᠢ ᠬᠤᠯᠪᠣᠭᠳᠠᠯ ᠢ ᠲᠠᠨᠢᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠠᠪᠠᠭᠤᠯᠢᠭ ᠢ ᠭᠦᠶ᠋ᠴᠡᠳ ᠠᠰᠢᠭᠯᠠᠨ᠂ ︽ᠤᠷᠢᠵᠤ ᠤᠷᠤᠭᠤᠯᠬᠤ︾ ᠪᠠ ︽ᠭᠠᠳᠠᠭᠰᠢ ᠭᠠᠷᠭᠠᠬᠤ︾ ᠠᠷᠭ᠎ᠠ | ᠮᠠᠶ᠋ᠢᠭ ᠢᠶᠠᠷ ᠤᠯᠤᠰ ᠲᠥᠷᠥ ᠶᠢᠨ ᠣᠨᠣᠯ ᠪᠠ ᠲᠤᠬᠠᠶᠢᠯᠠᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠬᠦ | ᠬᠡᠷᠡᠭᠲᠡᠶ᠃ ᠪᠣᠯᠪᠠᠰᠤᠷᠠᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ︽ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ︾ ᠶᠢ ᠤᠶᠠᠯᠳᠤᠭᠤᠯᠤᠨ᠂ ᠪᠣᠯᠪᠠᠰᠤᠷᠠᠯ ᠤᠨ ᠠᠭᠤᠯᠭ᠎ᠠ ᠶᠢ ᠲᠠᠰᠤᠷᠠᠯᠲᠠ ᠥᠬᠡᠶ | ᠪᠠᠶᠠᠯᠢᠭᠵᠢᠭᠤᠯᠬᠤ ᠬᠡᠷᠡᠭᠲᠡᠶ᠃ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠪᠣᠳᠠᠲᠠᠢ | ᠠᠵᠢᠯᠯᠠᠬᠤ ᠴᠢᠳᠠᠪᠤᠷᠢ ᠶᠢ ᠴᠢᠩᠭᠠᠳᠬᠠᠨ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯᠳᠡᠨ | ᠴᠢᠳᠠᠪᠤᠷᠢᠲᠠᠨ ᠢ ᠬᠥᠮᠦᠵᠢᠭᠦᠯᠵᠦ᠂ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠ ᠠᠵᠤ ᠦᠢᠯᠡᠰ ᠤᠨ ᠬᠥᠭᠵᠢᠯᠲᠡ ᠶᠢ ᠪᠡᠶᠡᠯᠡᠭᠦᠯᠬᠦ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ | ᠬᠠᠩᠭᠠᠬᠤ ᠬᠡᠷᠡᠭᠲᠡᠢ ᠭᠡᠵᠡᠢ᠃ ᠲᠡᠳ᠋ ᠬᠤᠰᠢᠭᠤ ᠲᠠᠷᠤᠭ᠎ᠠ ᠰᠦᠨ ᠶᠠᠨ ᠵᠢᠴᠢ ᠵᠣᠬᠢᠶᠠᠨ ᠪᠠᠶᠢᠭᠤᠯᠬᠤ ᠬᠡᠯᠲᠡᠰ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠤᠪᠴᠢᠶ᠎ᠠ᠂ ᠡᠷᠡᠭᠦᠯ ᠬᠠᠮᠠᠭᠠᠯᠠᠯ ᠡᠷᠡᠬᠦᠯ ᠮᠡᠨᠳᠦ ᠶᠢᠨ | ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠬᠤ | ᠬᠤᠷᠠᠯ ᠳᠤ ᠣᠷᠣᠯᠴᠠᠪᠠ᠃ |