︽9 · 3︾ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠬᠢᠨ ᠴᠢᠶᠠᠨ ᠶᠢᠨ ᠭᠸᠦ ᠪᠠᠭ᠎ᠠ ᠰᠤᠷᠭᠠᠭᠤᠯᠢ ᠳᠤ ᠨᠡᠶᠢᠭᠡᠮ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/1
  ᠤᠶᠢᠷ᠎ᠠ ᠳᠤ᠂  ︽9 · 3︾ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠰᠢᠯᠢ ᠶᠢᠨ ᠭᠤᠣᠯ ᠤᠨ ᠦᠨᠳᠦᠰᠦᠨ ᠱᠠᠲᠤᠨ ᠤ ᠵᠥᠪᠯᠡᠯ ᠨᠢ ᠲᠠᠶᠢᠹᠤᠰᠧ ᠬᠤᠰᠢᠭᠤᠨ ᠤ ᠤ ᠴᠢᠶᠠᠨ ᠶᠢᠨ ᠭᠧᠦ ᠪᠠᠭ᠎ᠠ ᠰᠤᠷᠭᠠᠭᠤᠯᠢ ᠳᠤ ᠬᠦᠨᠵᠡᠬᠡᠶᠢᠷᠡᠵᠦ᠂  ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠵᠢᠭᠠᠨ ᠰᠤᠷᠭᠠᠯᠲᠠ ᠶᠢ ᠬᠠᠪᠰᠤᠷᠤᠨ ᠲᠡᠳᠭᠦᠬᠦ᠂ ᠠᠯᠪᠠᠨ ᠵᠢᠷᠤᠮ ᠤᠨ ᠡᠮᠴᠢᠯᠡᠭᠡ ᠬᠢᠬᠦ᠂ ᠡᠳ᠋ ᠪᠣᠳᠠᠰ ᠤᠨ ᠲᠤᠰᠠᠯᠠᠮᠵᠢ ᠦᠵᠡᠬᠦᠯᠬᠦ ᠵᠡᠷᠭᠡ ᠲᠠᠯ᠎ᠠ ᠪᠠᠷ ᠨᠡᠶᠢᠬᠡᠮ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃  ᠠᠵᠢᠯᠯᠠᠭᠠᠨ ᠤ ᠲᠤᠮᠳᠠ᠂ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠠᠴᠠ ᠴᠢᠶᠠᠨ ᠶᠢᠨ ᠭᠸᠦ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠤ ︽ᠪᠠᠭ᠎ᠠ ᠰᠤᠷᠭᠠᠭᠤᠯᠢ ᠶᠢᠨ ᠵᠣᠬᠢᠶᠠᠨ ᠪᠢᠴᠢᠯᠭᠡ︾ ᠪᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ︾   ᠶᠢᠨ ᠲᠤᠬᠠᠢ ᠬᠢᠴᠢᠶᠡᠯ ᠲᠠᠶᠢᠯᠤᠮᠵᠢ ᠬᠢᠭᠰᠡᠨ ᠪᠦᠭᠡᠳ ᠡᠮᠨᠡᠯᠭᠡ ᠶᠢᠨ ᠲᠤᠰᠬᠠᠶ ᠮᠡᠷᠭᠡᠵᠢᠯᠲᠡᠨ ᠠᠴᠠ ᠲᠦᠷᠭᠡᠨ ᠠᠪᠤᠷᠠᠯᠳᠠ ᠶᠢᠨ ᠪᠣᠯᠪᠠᠰᠤᠷᠠᠯ ᠪᠠ ᠠᠯᠪᠠᠨ ᠵᠢᠷᠤᠮ ᠤᠨ ᠡᠮᠴᠢᠯᠡᠭᠡ ᠬᠢᠭᠰᠡᠨ ᠪᠠᠶᠢᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ ᠤᠳᠤᠷᠢᠳᠤᠯᠭ᠎ᠠ ᠪᠠ ᠪᠠᠭᠰᠢ ᠰᠤᠷᠤᠭᠴᠢᠳ ᠲᠠᠢ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠴᠢᠩᠭᠠᠳᠬᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠬᠤᠶᠢᠰᠢᠳᠠ ᠶᠢᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠠᠵᠢᠯᠯᠠᠭᠠᠨ ᠤ ᠲᠤᠬᠠᠢ ᠰᠠᠨᠠᠯ ᠢᠶᠠᠨ ᠰᠤᠯᠢᠯᠴᠠᠭᠰᠠᠨ ᠪᠦᠭᠡᠳ  ᠴᠢᠶᠠᠨ ᠶᠢᠨ ᠭᠧᠦ ᠪᠠᠭ᠎ᠠ ᠰᠤᠷᠭᠠᠭᠤᠯᠢ ᠳᠤ ᠪᠡᠶ᠎ᠡ ᠶᠢᠨ ᠪᠠᠶᠢᠴᠠᠭᠠᠯᠲᠠ ᠶᠢᠨ ᠪᠠᠭᠠᠵᠢ ᠬᠡᠷᠡᠭᠰᠡᠯ᠂ ᠺᠣᠮᠫᠢᠦ᠋ᠲ᠋ᠧᠷ᠂ ᠲᠠᠮᠢᠷ ᠤᠨ ᠬᠡᠷᠡᠭᠰᠡᠯ᠂ ᠨᠣᠮ ᠪᠢᠴᠢᠭ᠂ ᠰᠦ ᠵᠡᠷᠭᠡ 2 ᠲᠦᠮᠡᠨ ᠲᠥᠭᠦᠷᠢᠭ ᠤᠨ ᠥᠷᠲᠡᠭ ᠪᠥᠬᠦᠶ ᠡᠳ᠋ ᠪᠣᠳᠠᠰ ᠢ ᠬᠠᠨᠳᠢᠪᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号