ᠴᠧᠨ ᠶᠠᠨ ᠪᠦᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠱᠠᠨᠳᠦ᠋ᠩ ᠳᠤ ᠬᠦᠷᠦᠭᠰᠡᠨ
ᠨᠡᠶᠢᠲᠡᠯᠡᠭᠰᠡᠨ ᠴᠠᠭ᠄
2024/5/1
 ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠪᠦᠯᠬᠦᠮ ᠳᠠᠭᠠᠭᠤᠯᠤᠨ ᠱᠠᠨᠳᠦ᠋ᠩ ᠮᠤᠵᠢ ᠶᠢᠨ ᠱᠸᠦ ᠭᠤᠸᠠᠩ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ  ᠪᠠ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ᠃ ᠴᠧᠨ ᠶᠠᠨ ᠪᠦᠦ  ᠵᠡᠷᠭᠡ ᠬᠦᠮᠦᠰ ᠤᠷᠢᠳ ᠬᠤᠵᠢᠳ ᠱᠠᠨᠳᠦ᠋ᠩ ᠤᠨ ᠵᠢᠤᠢ ᠬᠤᠩ ᠲᠠᠷᠢᠶᠠᠯᠠᠩ ᠤᠨ ᠬᠥᠭᠵᠢᠭᠦᠯᠦᠯᠲᠡ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ᠂ ᠱᠠᠨᠳᠦ᠋ᠩ ᠮᠤᠵᠢ ᠶᠢᠨ ᠱᠸᠦ ᠭᠤᠸᠠᠩ ᠢᠳᠡᠰᠢᠨ ᠨᠤᠭᠤᠭᠠᠨ ᠤ ᠠᠵᠤ ᠦᠢᠯᠡᠰ ᠤᠨ ᠪᠦᠯᠦᠭᠯᠡᠯᠳᠦ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ ᠰᠢᠨᠵᠢᠯᠡᠨ ᠪᠠᠶᠢᠴᠠᠭᠠᠵᠤ᠂ ᠲᠣᠭᠤᠷᠢᠨ ᠦᠵᠡᠬᠦ  ᠪᠠ ᠶᠠᠷᠢᠯᠴᠠᠨ ᠰᠣᠯᠢᠯᠴᠠᠬᠤ ᠬᠡᠯᠪᠡᠷᠢ ᠪᠠᠷ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠦᠢᠯᠡᠳᠬᠦᠨ ᠤ ᠳᠠᠪᠠᠭᠤᠯᠢᠭ᠂ ᠰᠢᠨ᠎ᠡ ᠮᠡᠷᠭᠡᠵᠢᠯ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠢᠴᠢ ᠴᠢᠳᠠᠪᠤᠷᠢᠲᠠᠨ ᠤ ᠪᠤᠯᠪᠠᠰᠤᠷᠠᠯ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠶᠢᠹᠤᠰᠧ ᠬᠤᠰᠢᠭᠤᠨ ᠤ ᠪᠠᠨ ᠲᠦᠬᠦᠭᠡᠷᠦᠮᠵᠢᠲᠦ ᠲᠠᠷᠢᠶᠠᠯᠠᠩ ᠤᠨ ᠣᠳᠣᠬᠢ ᠪᠠᠶᠢᠳᠠᠯ ᠵᠢᠴᠢ ᠢᠷᠡᠭᠡᠳᠦᠢ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠤᠭᠰᠠᠨ ᠪᠠᠶᠢᠨ᠎ᠠ᠃ ᠴᠧᠨ ᠶᠠᠨ ᠪᠦᠦ ᠢᠯᠡᠷᠬᠡᠶᠢᠯᠡᠬᠦ ᠳᠡᠭᠡᠨ᠂ ᠲᠠᠶᠢᠹᠤᠰᠧ ᠬᠤᠰᠢᠭᠤ ᠨᠢ ᠣᠷᠣᠨ ᠪᠠᠶᠢᠷᠢ  ᠶᠢᠨ ᠲᠠᠯ᠎ᠠ ᠪᠠᠷ ᠳᠠᠪᠠᠭᠤᠯᠢᠭ ᠪᠠᠶᠢᠵᠤ᠂ ᠡᠯ᠎ᠡ ᠲᠦᠷᠦᠯ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠠᠪᠬᠤᠴᠠᠵᠤ᠂ ᠬᠥᠭᠵᠢᠯᠲᠡ ᠶᠢᠨ ᠳᠠᠯᠳᠠ ᠬᠦᠴᠦᠨ ᠪᠠ ᠪᠡᠯᠡ ᠣᠷᠣᠭᠤᠯᠤᠯᠲᠠ ᠶᠢᠨ ᠣᠷᠣᠨ ᠵᠠᠢ ᠶᠡᠭᠡᠭᠡᠨ ᠪᠠᠶᠢᠭ᠎ᠠ᠂ ᠠᠵᠤ ᠠᠬᠤᠶᠢᠯᠠᠯᠲᠠᠳ ᠤᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ᠂ ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠬᠡᠵᠡᠢ᠃ ᠯᠢ ᠵᠠᠨ ᠪᠦᠦ᠂  ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号