ᠲᠠᠶᠢᠹᠤᠰᠧ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/5/1
   4 ᠰᠠᠷ᠎ᠠ ᠶᠢᠨ 30 ᠤ ᠡᠳᠦᠷ᠂ ᠲᠠᠶᠢᠹᠤᠰᠧ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠪᠥᠬᠦ ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠦᠨᠡᠬᠢ ᠨᠢᠭᠡ ᠱᠠᠲᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠳ᠋ᠦᠩᠨᠡᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃ ᠽᠦᠸᠧ ᡁᠢ ᠭᠦᠸᠧ᠂ ᠺᠠᠩ ᠵᠢᠶᠠᠨ ᠵᠢᠶᠦ᠋ᠨ ᠬᠤᠷᠠᠯ ᠳᠤ ᠤᠷᠤᠯᠴᠠᠵᠠᠢ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠢᠭᠤᠴᠠᠯᠭ᠎ᠠ ᠶᠢ  ᠴᠢᠩᠭᠠᠳᠬᠠᠨ ᠪᠤᠳᠠᠳᠠᠶᠢᠵᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠴᠠᠭᠠᠵᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠰᠢᠨ᠎ᠡ ᠡᠭᠦᠷᠭᠡᠯᠡᠯ ᠰᠢᠨ᠎ᠡ ᠰᠤᠷᠲᠠᠯ ᠢᠶᠠᠷ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠨ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ᠂ ︽ᠵᠢᠷᠭᠤᠭᠠᠨ ᠢᠨᠵᠧᠨᠧᠷᠢᠩ︾ ᠢ ᠰᠠᠶᠢᠳᠤᠷ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠪᠠ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ᠡᠯ᠎ᠡ ᠲᠤᠰᠬᠠᠶ ᠠᠵᠢᠯ ᠤᠨ ᠳᠤᠭᠤᠶᠢᠯᠠᠩ ᠨᠢ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠶ ᠠᠩᠭᠢ ᠲᠤᠰᠬᠠᠶ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠪᠠ ᠠᠵᠢᠯᠲᠠᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号