ᠵᠤᠤ ᠹᠸᠢ ᠫᠧᠩ ᠨᠠᠨᠵᠢᠩ ᠠᠨᠾᠦ᠋ᠢ ᠱᠠᠩᠬᠠᠶ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/5/1
 4 ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠪᠦᠯᠬᠦᠮ ᠳᠠᠭᠠᠭᠤᠯᠤᠨ ᠨᠠᠨᠵᠢᠩ᠂ ᠠᠨᠾᠦ᠋ᠢ᠂ ᠱᠠᠩᠬᠠᠶ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠪᠠ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ᠃ ᠵᠤᠤ ᠹᠸᠢ ᠫᠧᠩ ᠵᠡᠷᠭᠡ ᠬᠦᠮᠦᠰ ᠤᠷᠢᠳ ᠬᠤᠵᠢᠳ ᠨᠠᠨᠵᠢᠩ ᠤᠨ ᠬᠠᠢ ᠲᠦᠸᠧ ᠬᠠᠮ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂  ᠠᠨᠾᠦ᠋ᠢ   ᠶᠢᠨ ᠪᠥᠸᠧ ᠯᠠᠩ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠩᠬᠠᠢ ᠶᠢᠨ ᠵᠦᠩ ᠯᠢᠶᠠᠨ ᠰᠢᠨ ᠬᠤᠪᠢᠴᠠᠭᠠᠳᠤ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂  ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂  ᠲᠤᠬᠠᠶᠢᠯᠠᠭᠰᠠᠨ ᠠᠵᠢᠯ᠂ ᠦᠢᠯᠡᠳᠬᠦᠨ ᠪᠠ ᠮᠡᠷᠭᠡᠵᠢᠯ ᠤᠨ ᠳᠠᠪᠠᠭᠤᠯᠢᠭ᠂ ᠢᠷᠡᠭᠡᠳᠦᠢ ᠶᠢᠨ ᠬᠥᠭᠵᠢᠯᠲᠡ ᠶᠢᠨ ᠬᠠᠭᠳᠤᠰᠢ ᠵᠡᠷᠭᠡ ᠪᠠᠶᠢᠳᠠᠯ ᠢ ᠭᠦᠨᠵᠡᠭᠡᠢ ᠤᠶᠢᠯᠠᠭᠠᠭᠰᠠᠨ ᠤ ᠬᠠᠮᠳᠤ᠂ ᠲᠠᠶᠢᠹᠤᠰᠧ ᠬᠤᠰᠢᠭᠤᠨ ᠤ ᠪᠠᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠦᠷᠦ ᠶᠢᠨ ᠪᠤᠳᠤᠯᠭ᠎ᠠ᠂ ᠵᠠᠬ᠎ᠠ ᠳᠡᠯᠭᠡᠭᠦᠷ ᠤᠨ ᠭᠤᠤᠯ ᠬᠦᠴᠦᠨ ᠵᠦᠢᠯ ᠤᠨ ᠲᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ  ᠲᠠᠨᠢᠯᠴᠠᠭᠤᠯᠤᠭᠰᠠᠨ ᠪᠠᠶᠢᠨ᠎ᠠ᠃  ᠵᠤᠤ ᠹᠸᠢ ᠫᠧᠩ ᠢᠯᠡᠷᠭᠡᠶᠢᠯᠡᠬᠦ ᠳᠡᠭᠡᠨ᠂ ᠲᠠᠶᠢᠹᠤᠰᠧ ᠬᠤᠰᠢᠭᠤᠨ ᠤ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ᠂ ᠬᠥᠭᠵᠢᠯᠲᠡ ᠶᠢᠨ ᠢᠷᠡᠭᠡᠳᠦᠢ ᠥᠷᠭᠡᠨ ᠰᠠᠷᠠᠭᠤᠯ ᠪᠠᠶᠢᠵᠤ᠂ ᠪᠡᠯᠡ  ᠤᠷᠤᠭᠤᠯᠵᠤ ᠦᠢᠯᠡᠰ ᠪᠣᠰᠬᠠᠬᠤ ᠳᠤ ᠮᠠᠰᠢ ᠲᠤᠬᠢᠷᠠᠮᠵᠢᠳᠠᠢ ᠭᠠᠵᠠᠷ ᠣᠷᠣᠨ ᠶᠤᠮ᠃ ᠢᠷᠡᠭᠡᠳᠦᠶ ᠳᠤ᠂ ᠲᠠᠶᠢᠹᠤᠰᠧ ᠬᠤᠰᠢᠭᠤᠨ ᠤ ᠬᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠭᠠᠵᠠᠷ ᠤᠨ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠤᠨ᠂ ᠪᠥᠬᠦ ᠬᠤᠰᠢᠭᠤᠨ ᠤ ᠠᠵᠤ ᠠᠬᠤᠶ ᠶᠢᠨ ᠴᠡᠴᠡᠭᠯᠡᠨ ᠬᠥᠭᠵᠢᠬᠦ ᠶᠢ ᠬᠠᠮᠲᠤ ᠪᠠᠷ ᠠᠬᠢᠭᠤᠯᠤᠨ᠎ᠠ ᠬᠡᠵᠡᠢ᠃ ᠪᠦᠦ ᠴᠢᠩ ᠱᠠᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号