ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠰᠠᠬᠢᠯᠭ᠎ᠠ | ᠪᠠᠲᠤ ᠶᠢᠨ ᠤᠬᠠᠮᠰᠠᠷ ᠢ ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠥᠯᠥᠭᠡ᠂ 5 ᠰᠠᠷ᠎ᠠ ᠶᠢᠨ 9 ᠤ ᠡᠳᠦᠷ | ᠲᠠᠶᠢᠹᠤᠰᠧ ᠬᠤᠰᠢᠭᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ | ᠪᠣᠯᠪᠠᠰᠤᠷᠠᠯ ᠤᠨ ᠠᠩᠭᠢ ᠡᠷᠬᠢᠯᠡᠵᠡᠢ᠃ ᠡᠨᠡ ᠤᠳᠠᠭᠠᠨ ᠤ ᠪᠣᠯᠪᠠᠰᠤᠷᠠᠯ ᠳᠤ ᠠᠶᠢᠮᠠᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠺᠠᠳ᠋ᠷ ᠪᠦᠦ ᠰᠢᠤᠸᠠᠢ ᠮᠧᠶ ᠶᠢ ᠤᠷᠢᠵᠤ ᠬᠢᠴᠢᠶᠡᠯ | ᠣᠷᠣᠭᠤᠯᠪᠠ᠃ ᠪᠦᠦ ᠰᠢᠤᠸᠠᠢ ᠮᠧᠶ ᠠᠴᠠ ᠦᠪᠡᠷ ᠤᠨ ᠠᠵᠢᠯ ᠤᠨ ᠲᠤᠷᠰᠢᠯᠭ᠎ᠠ ᠪᠤᠯᠤᠨ ᠰᠤᠷᠤᠯᠴᠠᠯᠭ᠎ᠠ ᠶᠢᠨ | ᠲᠥᠷᠥᠭᠳᠡᠯ ᠲᠠᠢ ᠪᠠᠨ ᠤᠶᠠᠯᠳᠤᠭᠤᠯᠵᠤ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠳᠤ ᠨᠠᠷᠢᠨ ᠲᠠᠶᠢᠯᠤᠮᠵᠢ ᠬᠢᠵᠦ᠂ ᠭᠤᠤᠯᠳᠠᠭᠤ | ᠵᠠᠰᠠᠪᠤᠷᠢ ᠤᠷᠤᠭᠤᠯᠤᠭᠰᠠᠨ ᠠᠬᠤᠶ ᠪᠠᠶᠢᠳᠠᠯ᠂ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ ᠵᠢᠴᠢ | ᠶᠠᠭᠠᠬᠢᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠢᠨ᠎ᠡ ᠬᠠᠭᠤᠴᠢᠨ ᠢ ᠬᠠᠷᠢᠴᠠᠭᠤᠯᠬᠤ ᠠᠷᠭ᠎ᠠ ᠪᠠᠷ | ᠵᠤᠷᠪᠤᠰ ᠳᠠᠷᠠᠭᠠᠯᠠᠨ ᠠᠮᠢᠳᠤᠯᠢᠭ ᠰᠠᠶᠢᠬᠠᠨ ᠲᠠᠶᠢᠯᠪᠤᠷᠢᠯᠠᠭᠠᠳ ᠪᠣᠯᠪᠠᠰᠤᠷᠠᠯ ᠳᠤ ᠣᠷᠣᠯᠴᠠᠭᠰᠠᠳ ᠲᠤ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠠᠭᠤᠯᠭ᠎ᠠ ᠶᠢ ᠪᠦᠬᠦ | ᠲᠠᠯ᠎ᠠ ᠪᠠᠷ ᠤᠶᠢᠯᠠᠭᠠᠭᠤᠯᠵᠤ ᠡᠵᠡᠮᠰᠢᠬᠦᠯᠦᠭᠰᠡᠨ ᠪᠠᠶᠢᠨ᠎ᠠ᠃ ᠪᠣᠯᠪᠠᠰᠤᠷᠠᠯ ᠳᠤ ᠤᠷᠤᠯᠴᠠᠭᠰᠠᠨ ᠺᠠᠳ᠋ᠷᠴᠤᠳ ︽ | ᠬᠢᠴᠢᠶᠡᠯ ᠲᠠᠶᠢᠯᠤᠮᠵᠢ ᠶᠢᠨ ᠠᠭᠤᠯᠭ᠎ᠠ ᠶᠢ ᠨᠠᠷᠢᠨ ᠬᠢᠨᠠᠮᠠᠭᠠᠢ ᠰᠢᠩᠭᠡᠭᠡᠨ ᠠᠪᠴᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢᠶᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠦᠢᠯᠡᠳᠦᠯᠭᠡ ᠪᠣᠯᠭᠠᠨ ᠬᠤᠪᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ︿ᠲᠠᠭᠠᠭᠤᠯᠤᠬᠴᠢ﹀ ᠪᠤᠯᠤᠨ᠎ᠠ︾ ᠬᠡᠵᠦ ᠢᠯᠡᠷᠭᠡᠶᠢᠯᠡᠵᠡᠭᠡᠨ᠎ᠡ᠃ ᠬᠤᠰᠢᠭᠤᠨ ᠤ ᠳᠥᠷᠪᠡᠨ ᠶᠡᠭᠡ | ᠪᠠᠭ ᠤᠨ ᠤᠳᠤᠷᠢᠳᠤᠯᠭ᠎ᠠ ᠨᠠᠷ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠵᠢᠴᠢ ᠪᠥᠬᠦ | ᠬᠤᠰᠢᠭᠤᠨ ᠤ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠨᠡᠶᠢᠲᠡ 306 ᠬᠥᠮᠦᠨ ᠪᠣᠯᠪᠠᠰᠤᠷᠠᠯ ᠳᠤ | ᠣᠷᠣᠯᠴᠠᠪᠠ᠃ |