ᠬᠤᠩ ᠴᠢ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/5/10
  ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠪᠠᠶᠢᠭᠤᠯᠤᠯᠲᠠ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 9 ᠤ ᠡᠳᠦᠷ ᠬᠤᠩ ᠴᠢ ᠪᠠᠯᠭᠠᠰᠤ 2024 ᠣᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠾᠧ ᠭᠤᠸᠠᠨ ᠬᠤᠸᠠ ᠬᠤᠷᠠᠯ ᠢ ᠡᠷᠬᠢᠯᠡᠨ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠤᠷᠤᠯᠴᠠᠵᠠᠢ᠃ ᠾᠧ ᠭᠤᠸᠠᠨ ᠬᠤᠸᠠ ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ᠂ ᠪᠠᠶᠢᠳᠠᠯ ᠢ ᠭᠦᠨᠵᠡᠭᠡᠶ ᠲᠠᠨᠢᠵᠤ᠂ ᠠᠵᠢᠯ ᠡᠭᠦᠷᠭᠡ ᠶᠢ ᠲᠣᠳᠣᠷᠬᠠᠶᠢᠯᠠᠨ᠂ ᠡᠯ᠎ᠡ ᠲᠥᠷᠥᠯ ᠤᠨ ᠵᠥᠷᠢᠴᠡᠯ ᠵᠢᠭᠤᠷᠠᠭᠠᠨ ᠢ ᠪᠠᠶᠢᠴᠠᠭᠠᠨ ᠠᠷᠢᠯᠭᠠᠬᠤ ᠭᠡᠷᠡᠭᠳᠡᠢ᠃ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠂ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠣᠶᠢᠯᠠᠭᠠᠵᠤ᠂  ᠲᠠᠩᠰᠠ ᠡᠪᠭᠡᠮᠡᠯ ᠢ ᠪᠦᠷᠢᠨᠰᠢᠬᠦᠯᠦᠨ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠵᠤ᠂ ᠪᠠᠶᠢᠳᠠᠯ ᠢ ᠲᠣᠳᠣᠷᠬᠠᠶ ᠡᠵᠡᠮᠰᠢᠬᠦ ᠭᠡᠷᠡᠭᠳᠡᠢ᠃ ᠠᠮᠢᠳᠤᠷᠠᠯ ᠬᠦᠴᠢᠷᠳᠡᠯᠲᠡᠶ ᠬᠡᠷ ᠪᠦᠯᠢ᠂ ᠭᠡᠷ ᠲᠡᠭᠡᠨ ᠦᠯᠡᠳᠡᠭᠰᠡᠨ ᠨᠠᠰᠤᠲᠠᠨ᠂ ᠭᠠᠳᠠᠭᠰᠢ ᠭᠠᠷᠤᠭᠰᠠᠨ ᠬᠦᠯᠦᠰᠦᠨ ᠠᠵᠢᠯᠴᠢᠳ᠂ ᠭᠤᠤᠯᠳᠠᠯᠭ᠎ᠠ ᠲᠠᠢ ᠬᠥᠮᠦᠰ ᠵᠡᠷᠭᠡ ᠶᠢ ᠰᠠᠶᠢᠳᠤᠷ ᠠᠩᠬᠠᠷᠴᠤ᠂ ᠠᠵᠢᠯ ᠤᠨ ᠪᠠᠶᠢᠳᠠᠯ ᠢᠶᠠᠨ ᠨᠠᠷᠢᠨ ᠲᠣᠳᠣᠷᠬᠠᠶ ᠲᠡᠮᠳᠡᠭᠯᠡᠬᠦ ᠬᠡᠷᠡᠭᠲᠡᠶ᠃ ᠲᠣᠰᠬᠤᠨ ᠤ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠨ᠂ ᠡᠯ᠎ᠡ ᠲᠦᠷᠦᠯ ᠤᠨ ᠠᠶᠤᠯ ᠲᠦᠭᠰᠢᠭᠦᠷᠢ ᠪᠠ ᠭᠡᠮ ᠰᠣᠭᠤᠭ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠴᠠᠭ ᠲᠤᠬᠠᠢ ᠳᠤᠨᠢ ᠪᠠᠶᠢᠴᠠᠭᠠᠵᠤ   ᠠᠷᠢᠯᠭᠠᠨ᠂  ᠪᠦᠬᠦ ᠪᠠᠯᠭᠠᠰᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号