ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︽ᠰᠠᠶᠢᠨ ᠡᠬᠢᠯᠡᠯᠲᠡ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/5/10
   ᠡᠨᠡ ᠵᠢᠯ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠨᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠷᠬᠦᠯᠵᠢᠯᠡᠨ ︽ᠲᠡᠷᠢᠭᠦᠨ ᠢᠨᠵᠧᠨᠧᠷᠢᠩ︾ ᠪᠣᠯᠭᠠᠵᠤ᠂  ᠪᠦᠬᠦ ᠬᠦᠴᠦᠨ ᠢᠶᠠᠷ ︽ᠠᠷᠠᠯᠵᠢᠶᠠᠴᠢᠨ ᠤᠷᠢᠬᠤ ᠶᠢ ᠠᠳᠬᠤᠨ᠂ ᠡᠮᠦᠨᠡᠬᠢ ᠬᠤᠭᠤᠴᠠᠭ᠎ᠠ ᠶᠢ ᠠᠳᠬᠤᠵᠤ᠂ ᠠᠬᠢᠴᠠ ᠬᠤᠷᠳᠤᠴᠠ ᠶᠢ ᠠᠳᠬᠤᠭᠰᠠᠨ︾ ᠢᠶᠠᠷ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠢᠯᠡᠳᠲᠡ ᠲᠦᠷᠭᠡᠰᠴᠦ᠂  ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31. 6% ᠪᠠᠷ ᠨᠡᠮᠡᠭᠳᠡᠭᠰᠡᠨ ᠪᠠᠶᠢᠨ᠎ᠠ᠃      ᠭᠤᠷᠪᠠᠨ ᠠᠵᠤ ᠦᠢᠯᠡᠰ ᠤᠨ ᠪᠡᠯᠡ ᠣᠷᠤᠭᠤᠯᠤᠯᠲᠠ ᠴᠦᠮ ᠲᠦᠷᠭᠡᠨ ᠨᠡᠮᠡᠭᠳᠡᠩᠰᠡᠨ᠃ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.4 ᠳᠠᠬᠢᠨ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 26.2% ᠢᠶᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 55.3% ᠪᠠᠷ ᠨᠡᠮᠡᠭᠳᠡᠭᠰᠡᠨ ᠪᠠᠶᠢᠨ᠎ᠠ᠃          ᠭᠤᠣᠯᠳᠠᠯᠭ᠎ᠠ ᠲᠠᠢ ᠠᠵᠢᠯ ᠲᠥᠷᠥᠯ ᠤᠨ ᠬᠤᠪᠢ ᠨᠡᠮᠡᠷᠢ ᠦᠵᠡᠬᠦᠯᠦᠭᠰᠡᠨ ᠨᠢ ᠲᠤᠪᠤᠶᠢᠮ᠎ᠠ ᠪᠠᠶᠢᠵᠤ᠂ ᠲᠠᠷᠢᠶᠠᠯᠠᠩ ᠮᠠᠯ ᠠᠵᠤ ᠠᠬᠤᠢ ᠤᠢ ᠰᠢᠭᠤᠢ ᠵᠢᠭᠠᠰᠤᠨ ᠤ ᠦᠢᠯᠡᠰ ᠤᠨ ᠪᠡᠯᠡ ᠤᠷᠤᠭᠤᠯᠤᠯᠳᠠ ᠳᠠᠬᠢᠨ ᠢᠶᠠᠷ ᠨᠡᠮᠡᠭᠳᠡᠭᠰᠡᠨ᠃ ᠨᠢᠭᠡᠳᠦᠭᠡᠷ ᠤᠯᠠᠷᠢᠯ ᠳᠤ ᠠᠭᠤᠷᠬᠠᠶ ᠶᠢᠨ ᠦᠢᠯᠡᠰ ᠤᠨ ᠪᠡᠯᠡ ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ 3.9 ᠳᠠᠬᠢᠨ ᠨᠡᠮᠡᠭᠳᠡᠵᠦ᠂ ᠬᠤᠪᠢ ᠨᠡᠮᠡᠷᠢ ᠶᠢᠨ ᠨᠣᠷᠮ᠎ᠠ 100.6% ᠳᠤ ᠬᠥᠷᠪᠡ  ᠃ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ  ᠪᠠᠯᠠ ᠣᠷᠣᠭᠤᠯᠤᠯᠲᠠ 1.5 ᠳᠠᠬᠢᠨ ᠨᠡᠮᠡᠭᠳᠡᠵᠦ᠂ ᠬᠤᠪᠢ ᠨᠡᠮᠡᠷᠢ ᠶᠢᠨ ᠨᠤᠷᠮ᠎ᠠ  8.8 % ᠳᠤ ᠬᠦᠷᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠪᠡᠯᠡ ᠤᠷᠤᠭᠤᠯᠤᠯᠳᠠ 85.5% ᠪᠠᠷ ᠨᠡᠮᠡᠭᠳᠡᠵᠦ᠂ ᠬᠤᠪᠢ ᠨᠡᠮᠡᠷᠢ ᠶᠢᠨ ᠨᠣᠷᠮ᠎ᠠ 11.0 % ᠳᠤ ᠬᠦᠷᠪᠡ᠃  ᠦᠢᠯᠡᠳᠬᠡᠯ ᠤᠨ ᠦᠢᠯᠡᠰ ᠤᠨ ᠪᠡᠯᠡ ᠤᠷᠤᠭᠤᠯᠤᠯᠳᠠ 7.4%  ᠪᠠᠷ ᠨᠡᠮᠡᠭᠳᠡᠵᠦ᠂  ᠬᠤᠪᠢ ᠨᠡᠮᠡᠷᠢ   ᠶᠢᠨ ᠨᠣᠷᠮ᠎ᠠ 1.5 % ᠳᠤ ᠬᠦᠷᠪᠡ᠃ ᠲᠠᠷᠢᠶᠠᠯᠠᠩ ᠮᠠᠯ ᠠᠵᠤ ᠠᠬᠤᠶ ᠣᠶ ᠰᠢᠭᠤᠶ ᠵᠢᠭᠠᠰᠤᠨ ᠤ ᠦᠢᠯᠡᠰ ᠤᠨ  ᠪᠡᠯᠡ ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ 3.4 ᠳᠠᠬᠢᠨ ᠨᠡᠮᠡᠭᠳᠡᠵᠦ᠂ ᠬᠤᠪᠢ ᠨᠡᠮᠡᠷᠢ ᠶᠢᠨ ᠨᠣᠷᠮ᠎ᠠ 5.5% ᠳᠤ ᠬᠦᠷᠴᠡᠢ᠃         ᠠᠷᠠᠳ ᠤᠨ ᠪᠡᠯᠡ ᠤᠷᠤᠭᠤᠯᠤᠯᠲᠠ ᠲᠦᠷᠭᠡᠨ ᠨᠡᠮᠡᠭᠳᠡᠭᠰᠡᠨ᠃ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 88.1% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.7 ᠵᠠᠭᠤᠨ ᠤ ᠴᠡᠭ ᠳᠡᠭᠡᠭᠰᠢᠯᠡᠵᠡᠶ᠃ ᠠᠷᠠᠳ ᠤᠨ ᠪᠡᠯᠡ ᠣᠷᠤᠭᠤᠯᠤᠯᠲᠠ ᠨᠢ ᠪᠦᠬᠦ ᠪᠡᠯᠡ ᠣᠷᠤᠭᠤᠯᠤᠯᠲᠠ ᠶᠢᠨ 25.1% ᠶᠢ ᠡᠵᠡᠯᠡᠵᠦ᠂ ᠡᠨᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.5 ᠵᠠᠭᠤᠨ ᠤ ᠬᠤᠪᠢ ᠶᠢᠨ ᠴᠡᠭ ᠲᠡᠭᠡᠭᠰᠢᠯᠡᠭᠰᠡᠨ ᠪᠠᠶᠢᠨ᠎ᠠ.
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号