ᠴᠠᠩᠫᠢᠩ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/5/11
  5 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂  ᠪᠡᠭᠡᠵᠢᠩ ᠬᠤᠳᠠ ᠶᠢᠨ ᠴᠠᠩᠫᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠰᠢᠨ   ᠤᠨ ᠲᠠᠭᠠᠭᠤᠯᠤᠭᠰᠠᠨ ᠪᠠᠶᠢᠴᠠᠭᠠᠨ ᠰᠤᠳᠤᠯᠬᠤ ᠪᠦᠯᠬᠦᠮ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠴᠠᠩᠫᠢᠩ ᠲᠤᠭᠤᠷᠢᠭ ᠲᠠᠶᠢᠹᠤᠰᠧ ᠬᠤᠰᠢᠭᠤᠨ ᠤ ᠬᠠᠮᠳᠤᠷᠠᠯᠴᠠᠭᠠᠨ ᠤ ᠬᠤᠯᠪᠣᠭᠳᠠᠯ ᠪᠥᠬᠦᠶ ᠤᠴᠢᠷ ᠶᠠᠪᠤᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠴᠠᠩᠫᠢᠩ ᠲᠤᠭᠤᠷᠢᠭ ᠤᠨ ᠲᠠᠶᠢᠹᠤᠰᠧ ᠬᠤᠰᠢᠭᠤᠨ ᠳᠤ ᠲᠤᠰᠢᠶᠠᠯ ᠬᠠᠪᠰᠤᠷᠭᠠᠨ ᠡᠬᠦᠷᠭᠡᠯᠡᠵᠦ ᠪᠠᠶᠢᠭ᠎ᠠ ᠺᠠᠳ᠋ᠷᠴᠤᠳ ᠢ ᠪᠣᠯᠭᠤᠭᠠᠨ ᠲᠤᠬᠤᠨᠢᠭᠤᠯᠵᠠᠢ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠰᠢᠶᠠᠩ ᠸᠧᠶ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ᠪᠠᠶᠢᠴᠠᠭᠠᠨ ᠰᠤᠳᠤᠯᠬᠤ ᠪᠦᠯᠬᠦᠮ ᠤᠨ ᠬᠢᠨ ᠤᠷᠢᠳ ᠬᠤᠵᠢᠳ ᠬᠤᠰᠢᠭᠤᠨ ᠤ ᠤᠯᠤᠰ ᠤᠨ ᠲᠠᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠦᠢᠯᠡᠴᠢᠯᠡᠭᠡᠨ ᠤ ᠲᠥᠪ᠂ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ᠂ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ᠂ ᠺᠠᠶ ᠳ᠋ᠠ ᠲᠦᠮᠦᠰᠦᠨ ᠤ ᠠᠵᠤ ᠦᠢᠯᠡᠰ ᠤᠨ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠠᠬᠤᠢ ᠲᠠᠯᠠᠪᠠᠶ ᠳᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠤᠯᠢᠯᠴᠠᠨ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠳᠤᠷᠠᠯᠴᠠᠭ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠪᠣᠳᠠᠲᠠᠶ ᠠᠵᠢᠯ ᠢ ᠨᠠᠷᠢᠨ ᠤᠶᠢᠯᠠᠭᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠵᠢᠯ ᠤᠨ ᠲᠤᠭᠤᠷᠢᠨ ᠳᠤ ᠠᠶᠢᠮᠠᠭ ᠬᠤᠰᠢᠭᠤ ᠬᠤᠶᠠᠷ ᠱᠠᠲᠤᠨ ᠤ ᠤᠳᠤᠷᠢᠳᠬᠤ ᠺᠠᠳ᠋ᠷ᠂ ᠲᠠᠶᠢᠹᠤᠰᠧ ᠳᠠᠬᠢ ᠲᠤᠰᠢᠶᠠᠯ ᠡᠬᠦᠷᠭᠡᠯᠡᠵᠦ ᠪᠠᠶᠢᠭ᠎ᠠ ᠺᠠᠳ᠋ᠷ ᠪᠠ ᠲᠤᠰᠬᠠᠶ ᠮᠡᠷᠭᠡᠵᠢᠯᠳᠡᠨ ᠨᠠᠷ ᠲᠠᠢ ᠰᠠᠨᠠᠯ ᠢᠶᠠᠨ ᠰᠣᠯᠢᠯᠴᠠᠵᠤ᠂ ᠪᠡᠭᠡᠵᠢᠩ ᠥᠪᠥᠷ ᠮᠣᠩᠭᠤᠯ ᠵᠢᠴᠢ ᠴᠠᠩᠫᠢᠩ ᠲᠤᠭᠤᠷᠢᠭ ᠲᠠᠶᠢᠹᠤᠰᠧ ᠬᠤᠰᠢᠭᠤᠨ ᠤ ᠬᠠᠮᠳᠤᠷᠠᠯᠴᠠᠭᠠᠨ ᠤ ᠪᠠᠶᠢᠳᠠᠯ ᠢ ᠰᠤᠨᠤᠰᠤᠭᠰᠠᠨ ᠪᠦᠭᠡᠳ ᠲᠤᠰᠢᠶᠠᠯ ᠡᠬᠦᠷᠭᠡᠯᠡᠵᠦ ᠪᠠᠶᠢᠭ᠎ᠠ ᠺᠠᠳ᠋ᠷ ᠤᠨ ᠠᠵᠢᠯ ᠠᠮᠢᠳᠤᠷᠠᠯ ᠤᠨ ᠪᠠᠶᠢᠳᠠᠯ ᠢ ᠤᠶᠢᠯᠠᠭᠠᠵᠤ᠂ ᠲᠡᠳᠡᠨ ᠢ ᠬᠥᠭᠦᠷᠭᠡ ᠶᠢᠨ ᠦᠢᠯᠡᠳᠦᠯ᠂  ᠡᠯᠴᠢ ᠶᠢᠨ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠶᠡᠭᠡ ᠢᠳᠡᠭᠡᠯ ᠵᠣᠷᠢᠭ᠂ ᠨᠡᠩ ᠣᠨᠣᠪᠴᠢᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠤᠪᠤᠷ ᠰᠤᠷᠲᠠᠯ ᠢᠶᠠᠷ ᠬᠠᠪᠰᠤᠷᠤᠨ ᠲᠡᠳᠬᠦᠬᠦ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠡᠯ᠎ᠡ ᠲᠦᠷᠦᠯ ᠤᠨ ᠠᠵᠢᠯ ᠢ ᠴᠢᠨᠠᠭᠰᠢᠳᠠ ᠠᠬᠢᠭᠤᠯᠬᠤ ᠭᠡᠷᠡᠭᠳᠡᠢ ᠬᠡᠵᠦ ᠵᠣᠷᠢᠭᠵᠢᠭᠤᠯᠪᠠ᠃ ᠹᠠᠨ ᠬᠤᠸᠠ ᠮᠢᠨ᠂ ᠯᠢ ᠴᠦᠨ ᠭᠤᠸᠠᠩ᠂ ᠯᠢᠦ ᠶᠠ ᠱᠧᠩ᠂ ᠯᠢ ᠵᠠᠨ ᠪᠦᠦ ᠵᠢᠴᠢ ᠠᠶᠢᠮᠠᠭ  ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号