ᠭᠠᠶᠢᠯᠢ ᠶᠢᠨ ᠶᠠᠪᠤᠳᠠᠯ ᠤᠨ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠠᠬᠢᠭᠤᠯᠵᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠡᠬᠦᠳᠦᠨ᠎ᠡ
ᠨᠡᠶᠢᠲᠡᠯᠡᠭᠰᠡᠨ ᠴᠠᠭ᠄
2024/5/11
   ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ 2024 ᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠣᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠳᠠᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠢᠯᠡᠬᠦᠦ ᠰᠢᠯᠢᠳᠡᠭᠵᠢᠭᠦᠯᠵᠦ᠂  ᠣᠷᠣᠨ ᠨᠤᠳᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ  ᠤᠯᠤᠰ ᠣᠷᠣᠨ ᠤ ᠬᠠᠤᠯᠢ ᠲᠦᠷᠢᠮ᠂ ᠲᠦᠷᠦ ᠶᠢᠨ ᠪᠤᠳᠤᠯᠭ᠎ᠠ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠵᠤ᠂  ᠰᠠᠬᠢᠯᠭ᠎ᠠ ᠪᠠᠲᠤ ᠶᠢ ᠰᠠᠬᠢᠬᠤ᠂ ᠦᠨᠡᠨᠴᠢ ᠢᠲᠡᠭᠡᠮᠵᠢ ᠶᠢ ᠡᠷᠬᠢᠮᠯᠡᠬᠦ ᠶᠢ ᠵᠡᠷᠭᠡ ᠪᠠᠷ ᠪᠠᠷᠢᠮᠳᠠᠯᠠᠨ᠂ ᠰᠤᠷᠲᠠᠯ ᠴᠢᠬᠡᠴᠢ ᠣᠪᠣᠷ ᠲᠥᠪ ᠭᠠᠶᠢᠯᠢ ᠶᠢᠨ ᠶᠠᠪᠤᠳᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠬᠠᠮᠲᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠦᠨᠡᠨᠴᠢ ᠢᠲᠡᠭᠡᠮᠵᠢ ᠶᠢᠨ ᠰᠣᠶᠣᠯ ᠢ ᠪᠤᠶᠢᠵᠢᠭᠤᠯᠤᠨ᠂ ᠦᠨᠡᠨᠴᠢ ᠢᠳᠡᠭᠡᠮᠵᠢ ᠶᠢᠨ ᠣᠶᠢᠯᠠᠭᠠᠭᠳᠠᠬᠤᠨ᠂  ᠦᠨᠡᠨᠴᠢ ᠢᠲᠡᠭᠡᠮᠵᠢ ᠶᠢᠨ ᠲᠦᠷᠦ ᠶᠢᠨ ᠪᠤᠳᠤᠯᠭ᠎ᠠ ᠬᠠᠤᠯᠢ ᠲᠦᠷᠢᠮ ᠢ ᠡᠳᠦᠷ ᠲᠤᠳᠤᠮ ᠤᠨ ᠠᠵᠢᠯ ᠤᠨ ᠲᠤᠮᠳᠠ ᠪᠠᠨ ᠣᠷᠭᠠᠨᠢᠭ ᠢᠶᠠᠷ ᠠᠭᠤᠰᠤᠯᠴᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠨᠡᠨ ᠬᠦ ᠠᠬᠢᠭᠤᠯᠵᠤ ᠪᠠᠶᠢᠨ᠎ᠠ᠃    ᠰᠤᠷᠪᠤᠯᠵᠢᠯᠠᠭᠴᠢ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠴᠣᠩᠬᠤᠪᠴᠢ ᠳᠤ ᠬᠦᠷᠦᠭᠡᠳ ᠭᠠᠶᠢᠯᠢ ᠶᠢᠨ ᠶᠠᠪᠤᠳᠠᠯ ᠤᠨ ᠠᠵᠢᠯᠲᠠᠳ  ᠤᠨ ᠤᠯᠠᠨ ᠲᠦᠮᠡᠨ ᠳᠤ ᠬᠠᠯᠠᠭᠤᠮᠰᠤᠭ ᠢᠶᠠᠷ ᠦᠢᠯᠡᠴᠢᠯᠡᠵᠦ᠂ ᠭᠠᠶᠢᠯᠢ ᠳᠤ ᠬᠤᠯᠪᠣᠭᠳᠠᠬᠤ ᠡᠯ᠎ᠡ ᠲᠥᠷᠥᠯ ᠤᠨ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠨ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢ ᠶᠢᠨ ᠠᠮᠠᠯᠠᠯᠲᠠ ᠪᠠᠨ  ᠦᠢᠯᠡᠳᠦᠯᠬᠡᠵᠢᠬᠦᠯᠵᠦ ᠪᠠᠶᠢᠭ᠎ᠠ ᠶᠢ ᠬᠠᠷᠠᠯ᠎ᠠ᠃       ᠰᠢᠯᠢ ᠶᠢᠨ ᠭᠤᠣᠯ ᠠᠶᠢᠮᠠᠭ ᠤᠨ ᠪᠦᠦ ᠰᠢᠨ ᠡᠳ᠋ ᠤᠨ ᠶᠠᠪᠤᠳᠠᠯ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠨᠢᠭᠲᠠᠯᠠᠨ ᠪᠣᠳᠣᠭᠴᠢ ᠯᠢ ᠰᠢᠶᠤᠤ ᠳ᠋ᠦᠩ᠄ ︽ᠥᠩᠭᠡᠷᠡᠭᠰᠡᠨ ᠳᠤ ᠲᠥᠷᠥ ᠶᠢᠨ ᠪᠣᠳᠣᠯᠭ᠎ᠠ ᠶᠢ ᠰᠠᠶᠢᠨ ᠡᠵᠡᠮᠰᠢᠭᠰᠡᠨ  ᠥᠬᠡᠶ ᠠᠴᠠ ᠪᠤᠯᠤᠭᠠᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠭᠰᠡᠨ ᠥᠬᠡᠶ᠂ ᠢᠯᠡᠬᠦᠦ ᠭᠠᠶᠢᠯᠢ ᠲᠤᠰᠢᠶᠠᠭᠰᠠᠨ ᠪᠠᠶᠢᠯ᠎ᠠ᠂  ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠮᠡᠳᠡᠭᠳᠡᠯ ᠢ ᠣᠯᠤᠭᠰᠠᠨ ᠤ ᠳᠠᠷᠠᠭ᠎ᠠ᠂ ᠥᠨᠥᠳᠦᠷ  ᠠᠳᠡ ᠢᠷᠡᠵᠦ ᠠᠵᠢᠯᠲᠠᠨ ᠤ ᠵᠢᠯᠣᠭᠤᠳᠣᠯᠭ᠎ᠠ ᠳᠣᠤᠷ᠎ᠠ ᠢᠯᠡᠬᠦᠦ ᠲᠤᠰᠢᠶᠠᠭᠰᠠᠨ ᠭᠠᠶᠢᠯᠢ ᠪᠠᠨ ᠪᠤᠴᠠᠭᠠᠵᠤ ᠠᠪᠴᠠᠢ᠂ ᠠᠵᠢᠯᠳᠠᠳ ᠤᠨ ᠣᠪᠣᠷ ᠴᠤ ᠮᠠᠰᠢ ᠰᠠᠶᠢᠨ ᠮᠠᠰᠢ ᠬᠠᠯᠠᠭᠤᠮᠰᠤᠭ ᠪᠠᠶᠢᠨ᠎ᠠ︾  ᠃    ᠡᠨᠡ ᠪᠣᠯ ᠵᠥᠪᠬᠡᠨ ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠷᠢᠶᠠᠩᠭᠤᠢ ᠳᠦᠷᠰᠦ ᠲᠡᠳᠦᠢ ᠶᠤᠮ᠃ ᠪᠣᠳᠠᠲᠠᠶ ᠠᠵᠢᠯ ᠤᠨ ᠳᠤᠮᠳᠠ  ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠬᠤ᠂ ᠦᠢᠯᠡᠴᠢᠯᠡᠭᠡᠨ ᠤ ᠶᠠᠪᠤᠴᠠ ᠪᠠᠨ ᠰᠢᠯᠢᠳᠡᠭᠵᠢᠭᠦᠯᠬᠦ᠂  ᠠᠵᠢᠯ ᠤᠨ ᠪᠦᠲᠦᠮᠵᠢ ᠪᠠᠨ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠭᠠᠶᠢᠯᠢ ᠲᠤᠰᠢᠶᠠᠭᠴᠢᠳ ᠤᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠬᠦᠯᠦᠭᠰᠡᠨ ᠤ ᠬᠠᠮᠲᠤ᠂ ᠭᠠᠶᠢᠯᠢ ᠲᠤᠰᠢᠶᠠᠬᠤ ᠢᠲᠡᠭᠡᠮᠵᠢ ᠶᠢᠨ ᠵᠡᠷᠭᠡ ᠲᠠᠰ ᠤᠨ ᠦᠨᠡᠯᠡᠯᠲᠡ ᠶᠢᠨ ᠠᠵᠢᠯ ᠢ ᠢᠳᠡᠪᠬᠢᠲᠡᠶ ᠦᠷᠨᠢᠬᠦᠯᠦᠨ᠂ ᠳᠡᠭᠡᠷ᠎ᠡ ᠵᠢᠯ ᠤᠨ ᠭᠠᠶᠢᠯᠢ ᠲᠤᠰᠢᠶᠠᠭᠴᠢ ᠳᠤ ᠣᠯᠠᠨ ᠲᠠᠯ᠎ᠠ ᠠᠴᠠ ᠦᠨᠡᠯᠡᠨ ᠲᠣᠭᠲᠠᠭᠠᠯᠲᠠ ᠬᠢᠬᠦ ᠪᠠᠷ ᠲᠠᠮᠵᠢᠭᠠᠳ᠂  92 ᠡᠷᠦᠬᠡ ᠶᠢ A ᠲᠠᠰ ᠤᠨ ᠭᠠᠶᠢᠯᠢ ᠲᠤᠰᠢᠶᠠᠭᠴᠢ ᠪᠠᠷ ᠲᠤᠭᠳᠠᠭᠠᠵᠤ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠭᠤᠤᠯ ᠴᠣᠭᠴᠠ ᠶᠢᠨ ︽ᠤᠷᠢᠳᠠᠪᠠᠷ ᠭᠦᠢᠴᠡᠳᠭᠡᠬᠦ᠂ ᠲᠦᠷᠭᠡᠨ ᠭᠦᠢᠴᠡᠳᠭᠡᠬᠦ᠂ ᠭᠠᠷᠳᠠᠮ ᠢ ᠳᠥᠭᠦᠮᠴᠢᠯᠡᠬᠦ᠂ ᠥᠪᠡᠷ ᠤᠨ ᠥᠷᠲᠡᠭ ᠢ ᠪᠠᠭᠤᠷᠠᠭᠤᠯᠬᠤ︾ ᠵᠡᠷᠭᠡ ᠲᠠᠯ᠎ᠠ ᠪᠠᠷ ᠬᠢ 45 ᠵᠦᠢᠯ ᠤᠨ  ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠠᠢ᠃ ᠢᠲᠡᠭᠡᠯ ᠠᠯᠳᠠᠭᠰᠠᠨ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠶᠢ ᠴᠢᠬᠤᠯᠠᠴᠢᠯᠠᠵᠤ᠂ ︽ᠴᠢᠬᠤᠯᠠ ᠶᠡᠭᠡ ᠭᠠᠶᠢᠯᠢ ᠶᠢᠨ ᠶᠠᠪᠤᠳᠠᠯ ᠤᠨ ᠬᠠᠤᠯᠢ ᠵᠥᠷᠢᠴᠡᠵᠦ ᠢᠲᠡᠭᠡᠯ ᠠᠯᠳᠠᠭᠰᠠᠨ ᠭᠤᠤᠯ ᠴᠣᠭᠴᠠ ᠶᠢᠨ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂  ᠬᠠᠤᠯᠢ  ᠵᠥᠷᠢᠴᠡᠵᠦ ᠢᠲᠡᠭᠡᠯ ᠠᠯᠳᠠᠭᠰᠠᠨ ᠬᠡᠷᠡᠭ ᠢ ᠬᠢᠨᠠᠨ ᠪᠠᠶᠢᠴᠠᠭᠠᠵᠤ ᠵᠠᠯᠬᠠᠭᠠᠨ ᠴᠡᠭᠡᠷᠯᠡᠭᠦᠯᠬᠦ ᠡᠷᠴᠢᠮ  ᠢᠶᠠᠨ  ᠴᠢᠩᠭᠠᠷᠠᠭᠤᠯᠤᠭᠰᠠᠨ ᠪᠦᠭᠡᠳ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠠᠶᠢᠭᠤᠯᠵᠤ᠂ ᠢᠲᠡᠭᠡᠯ ᠠᠯᠳᠠᠭᠰᠠᠨ ᠭᠤᠤᠯ ᠴᠣᠭᠴᠠ ᠶᠢ ᠵᠢᠯᠤᠭᠤᠳᠤᠨ ᠵᠣᠷᠢᠭᠵᠢᠭᠤᠯᠵᠤ ᠪᠠᠶᠢᠭᠠᠳ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠵᠠᠯᠠᠷᠠᠭᠤᠯᠬᠤ᠂ ᠨᠡᠶᠢᠭᠡᠮ ᠤᠨ ᠮᠠᠭᠤ ᠨᠥᠯᠥᠭᠡ ᠶᠢ ᠠᠷᠢᠯᠭᠠᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ ᠢᠲᠡᠭᠡᠮᠵᠢ ᠶᠢ ᠨᠢ ᠰᠡᠷᠭᠦᠭᠡᠪᠠ᠃ ᠡᠭᠦᠨ ᠠᠴᠠ ᠭᠠᠳᠠᠨ᠎ᠠ᠂  ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠪᠠᠰᠠ ᠭᠠᠶᠢᠯᠢ ᠶᠢᠨ ᠶᠠᠪᠤᠳᠠᠯ ᠤᠨ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠶᠢᠯᠢ ᠲᠤᠰᠢᠶᠠᠭᠴᠢᠳ ᠢ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢᠲᠡᠢ  ᠭᠠᠶᠢᠯᠢ ᠲᠤᠰᠢᠶᠠᠬᠤ ᠤᠬᠠᠮᠰᠠᠷ ᠢ ᠪᠤᠢ ᠪᠤᠯᠭᠠᠨ᠂ ᠬᠠᠤᠯᠢ ᠶᠣᠰᠣᠭᠠᠷ ᠭᠠᠶᠢᠯᠢ ᠲᠤᠰᠢᠶᠠᠬᠤ᠂ ᠦᠨᠡᠨᠴᠢ ᠢᠲᠡᠭᠡᠮᠵᠢᠲᠡᠢ   ᠪᠠᠷ ᠭᠠᠶᠢᠯᠢ ᠲᠤᠰᠢᠶᠠᠬᠤ ᠨᠡᠶᠢᠬᠡᠮ ᠤᠨ ᠠᠭᠤᠷ ᠠᠮᠢᠰᠬᠤᠯ ᠢ ᠪᠣᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃  ᠬᠢᠨᠠᠨ ᠪᠠᠶᠢᠴᠠᠭᠠᠬᠤ ᠦᠢᠯᠡᠳᠦᠯ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠪᠣᠳᠠᠲᠤ ᠪᠠᠶᠢᠳᠠᠯ᠂ ᠭᠠᠶᠢᠯᠢ ᠲᠤᠰᠢᠶᠠᠬᠤ ᠢᠲᠡᠭᠡᠮᠵᠢ ᠶᠢᠨ ᠵᠡᠷᠭᠡ ᠳᠡᠰ ᠲᠠᠢ ᠤᠶᠠᠯᠳᠤᠭᠤᠯᠤᠨ ᠠᠵᠤ ᠠᠬᠤᠶᠢᠯᠠᠯ ᠳᠤ ᠭᠠᠶᠢᠯᠢ ᠶᠢᠨ ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠬᠠᠩᠭᠠᠨ᠂ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠭᠠᠶᠢᠯᠢ ᠳᠤ ᠬᠤᠯᠪᠣᠭᠳᠠᠬᠤ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ ᠠᠵᠤ ᠠᠬᠤᠶᠢᠯᠠᠯ ᠳᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠷᠳᠡᠭᠡᠵᠡᠢ  ᠃      ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠳᠡᠳ᠋ ᠳᠠᠷᠤᠭ᠎ᠠ ᠬᠠᠨ ᠯᠧᠢ  ᠄ ︽ᠮᠠᠨ ᠤ ᠲᠣᠪᠴᠢᠶ᠎ᠠ ᠨᠢ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠠᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ ᠶᠡᠬᠡᠪᠡᠷ ᠤᠬᠠᠭᠤᠯᠤᠨ᠂ ︿ᠢᠲᠡᠭᠡᠯ ᠰᠠᠶᠢᠳᠠᠢ ᠶᠢ ᠤᠷᠮᠠᠰᠢᠭᠤᠯᠤᠨ ᠵᠤᠷᠢᠬᠵᠢᠭᠤᠯᠬᠤ᠂ ᠢᠲᠡᠭᠡᠯ ᠮᠠᠭᠤᠳᠠᠢ ᠶᠢ ᠵᠠᠯᠬᠠᠭᠠᠨ ᠴᠡᠭᠡᠷᠯᠡᠭᠦᠯᠬᠦ﹀ ᠬᠡᠪ ᠤᠨ ᠪᠠᠶᠢᠳᠠᠯ ᠢ ᠪᠣᠯᠭᠠᠵᠤ᠂ ᠠᠵᠤ  ᠠᠬᠤᠶᠢᠯᠠᠯ ᠢ ᠵᠢᠯᠤᠭᠤᠳᠤᠨ ᠬᠠᠤᠯᠢ ᠶᠣᠰᠣᠭᠠᠷ ᠭᠠᠶᠢᠯᠢ ᠲᠤᠰᠢᠶᠠᠬᠤ᠂ ᠦᠨᠡᠨᠴᠢ ᠢᠲᠡᠭᠡᠮᠵᠢᠲᠡᠢ ᠡᠵᠡᠩᠨᠡᠬᠦ  ᠤᠶᠢᠯᠠᠭᠠᠭᠳᠠᠬᠤᠨ ᠢ ᠪᠣᠢ ᠪᠣᠯᠭᠠᠵᠤ᠂ ᠦᠨᠡᠨᠴᠢ ᠢᠲᠡᠭᠡᠮᠵᠢᠲᠡᠢ ᠭᠠᠶᠢᠯᠢ ᠶᠢᠨ ᠶᠠᠪᠤᠳᠠᠯ ᠤᠨ ᠬᠠᠷᠢᠴᠠᠭ᠎ᠠ ᠶᠢ ᠪᠠᠶᠢᠭᠤᠯᠤᠨ᠂ ᠠᠵᠤ  ᠠᠬᠤᠶᠢᠯᠠᠯ ᠤᠨ ᠬᠦᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠵᠦ᠂ ᠦᠨᠡᠨᠴᠢ ᠢᠲᠡᠭᠡᠮᠵᠢᠲᠡᠢ ᠨᠡᠶᠢᠬᠡᠮ ᠢ ᠬᠠᠮᠲᠤᠪᠠᠷ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠭᠠᠶᠢᠯᠢ ᠲᠤᠰᠢᠶᠠᠭᠴᠢ ᠶᠢᠨ ᠬᠡᠷᠡᠭᠴᠡᠭᠡ ᠶᠢ ᠦᠨᠳᠦᠰᠦᠯᠡᠨ᠂  ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠥᠷᠭᠡᠨ ᠣᠯᠠᠨ ᠭᠠᠶᠢᠯᠢ ᠲᠤᠰᠢᠶᠠᠭᠴᠢ ᠳᠤ ᠪᠥᠬᠦ ᠲᠠᠯ᠎ᠠ ᠶᠢᠨ ᠨᠠᠷᠢᠯᠢᠬᠵᠢᠭᠰᠠᠨ ᠦᠢᠯᠡᠴᠢᠯᠡᠭᠡ ᠶᠢ ᠬᠠᠩᠭᠠᠨ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号