ᠤᠯᠠᠨ ᠲᠦᠮᠡᠨᠴᠢ ᠬᠦᠮᠦᠵᠢᠯ ᠦᠢᠯᠡᠳᠦᠯᠭᠡ — ᠵᠠᠯᠠᠭᠤ ᠨᠠᠰᠤᠨ ᠤ ᠬᠦᠴᠦᠨ ᠴᠢᠳᠠᠯ ᠢ ᠬᠤᠷᠠᠮᠳᠤᠭᠤᠯᠵᠤ ᠴᠠᠭ ᠦᠶ᠎ᠡ ᠶᠢᠨ ᠬᠠᠷᠢᠭᠤᠴᠠᠯᠭ᠎ᠠ ᠡᠭᠦᠷᠭᠡᠯᠡᠯ ᠢ ᠪᠢᠴᠢᠭᠯᠡᠨ᠎ᠡ
ᠨᠡᠶᠢᠲᠡᠯᠡᠭᠰᠡᠨ ᠴᠠᠭ᠄
2024/5/11
   ᠴᠢᠶᠠᠨ ᠶᠢᠨ ᠭᠸᠤ ᠪᠠᠯᠭᠠᠰᠤᠨ ᠤ ᠡᠪᠯᠡᠯ ᠤᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠡᠪ ᠬᠠᠮᠳᠤ ᠵᠠᠯᠠᠭᠤᠴᠤᠳ ᠤᠨ ᠡᠪᠯᠡᠯ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠰᠠᠶᠢᠲᠤᠷ ᠦᠷᠨᠢᠬᠦᠯᠦᠨ᠂ ᠡᠪᠯᠡᠯ ᠤᠨ ᠦᠨᠳᠦᠰᠦᠨ ᠡᠭᠦᠷᠭᠡ᠂ ᠤᠯᠤᠰ ᠲᠦᠷᠦ ᠶᠢᠨ ᠬᠠᠷᠢᠭᠤᠴᠠᠯᠭ᠎ᠠ᠂ ᠠᠵᠢᠯ ᠤᠨ ᠭᠤᠣᠯ ᠱᠤᠭᠤᠮ ᠤᠨ ᠲᠣᠭᠤᠷᠢᠨ ᠳᠤ ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ᠃ ᠨᠢᠭᠡ ᠳᠤ᠂ ᠤᠯᠤᠰ ᠲᠥᠷᠥ ᠶᠢᠨ ᠪᠠᠶᠢᠭᠤᠯᠤᠯᠲᠠ ᠶᠢ ᠲᠤᠪᠤᠶᠢᠯᠭᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠰᠠᠶᠢᠲᠤᠷ ᠠᠳᠬᠤᠭᠰᠠᠨ᠃  ᠴᠢᠶᠠᠨ ᠶᠢᠨ ᠭᠸᠦ ᠪᠠᠯᠭᠠᠰᠤᠨ ᠤ ᠡᠪᠯᠡᠯ ᠤᠨ ᠬᠤᠷᠢᠶ᠎ᠠ ᠨᠢ ᠣᠶᠤᠨᠴᠢ ᠡᠪᠯᠡᠯ ᠤᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠤᠰᠬᠠᠶ ᠠᠵᠢᠯᠳᠠᠨ ᠢᠶᠠᠷ ᠬᠠᠮᠢᠶᠠᠷᠤᠭᠤᠯᠵᠤ᠂  ︽ᠤᠶᠤᠨᠴᠢ ᠡᠪᠯᠡᠯ ᠤᠨ ᠪᠠᠶᠢᠭᠤᠯᠤᠯᠲᠠ︾ ᠶᠢᠨ ᠳᠣᠲᠣᠷᠠᠬᠢ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠢᠳᠪᠦᠷᠢᠯᠡᠨ᠂ ᠰᠤᠷᠭᠠᠭᠤᠯᠢ ᠲᠡᠬᠦᠰᠦᠭᠰᠡᠨ ᠤᠶᠤᠳᠠᠳ ᠤᠨ ︽ᠰᠤᠷᠭᠠᠭᠤᠯᠢ ᠨᠡᠶᠢᠬᠡᠮ ᠤᠨ ᠵᠤᠯᠭᠠᠯᠴᠠᠭ᠎ᠠ︾ ᠶᠢᠨ ᠠᠯᠬᠤᠮ ᠶᠠᠪᠤᠴᠠ ᠶᠢ ᠲᠦᠷᠢᠮᠵᠢᠬᠦᠯᠵᠦ᠂ ︽ᠰᠤᠷᠭᠠᠭᠤᠯᠢ ᠨᠡᠶᠢᠬᠡᠮ ᠤᠨ ᠵᠤᠯᠭᠠᠯᠴᠠᠭ᠎ᠠ︾ ᠶᠢ 100% ᠳᠤ ᠬᠦᠷᠭᠡᠵᠡᠢ᠃ ᠡᠪᠯᠡᠯ ᠢ ᠪᠥᠬᠦ ᠲᠠᠯ᠎ᠠ ᠪᠠᠷ ᠴᠢᠩᠭ᠎ᠠ ᠵᠠᠰᠠᠬᠤ ᠵᠢᠴᠢ ︽ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ︾ ᠲᠠᠪᠤᠨ ᠨᠢᠭᠡ ᠶᠢᠨ ᠠᠵᠢᠯ ᠤᠨ ᠲᠣᠭᠲᠠᠴᠠ ᠶᠢ ᠬᠦᠨᠵᠡᠬᠡᠢ ᠨᠠᠶᠢᠳᠠᠪᠤᠷᠢᠵᠢᠭᠤᠯᠬᠤ ᠶᠢᠨ ᠲᠥᠯᠥᠭᠡ ᠪᠠᠯᠭᠠᠰᠤᠨ ᠤ ᠡᠪᠯᠡᠯ ᠤᠨ ᠬᠤᠷᠢᠶ᠎ᠠ ᠨᠢ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠰᠠᠯᠪᠤᠷᠢ ᠠᠩᠭᠢ ᠪᠠᠶᠢᠭᠤᠯᠵᠤ᠂ 9 ᠨᠡᠷ᠎ᠡ ᠵᠠᠯᠠᠭᠤ ᠡᠪᠯᠡᠯ ᠤᠨ ᠺᠠᠳ᠋ᠷ ᠢ ᠡᠯ᠎ᠡ ᠲᠣᠰᠬᠤᠨ ᠳᠤ ᠲᠤᠮᠢᠯᠠᠨ ᠡᠪᠯᠡᠯ ᠤᠨ ᠪᠠᠶᠢᠭᠤᠯᠤᠯᠲᠠ ᠶᠢᠨ ᠠᠵᠢᠯ ᠢ  ᠵᠢᠯᠤᠭᠤᠳᠤᠭᠤᠯᠪᠠ᠃  ᠡᠬᠦᠨ ᠤ ᠬᠠᠮᠳᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠪᠠᠷ ᠡᠷᠬᠢᠯᠡᠭᠴᠢ ᠪᠣᠯᠭᠠᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠪᠠ ᠪᠠᠯᠭᠠᠰᠤᠨ ᠤ ᠺᠠᠳ᠋ᠷ ᠠᠵᠢᠯᠳᠠᠨ ᠢᠶᠠᠷ ᠭᠡᠰᠢᠭᠦᠨ ᠪᠣᠯᠭᠠᠭᠰᠠᠨ  ᠲᠤᠰᠬᠠᠢ ᠺᠤᠮᠢᠰ ᠢ ᠪᠠᠶᠢᠭᠤᠯᠵᠤ᠂ ᠦᠨᠳᠦᠰᠦᠨ ᠱᠠᠲᠤᠨ ᠤ ᠡᠪᠯᠡᠯ ᠤᠨ ᠪᠠᠶᠢᠭᠤᠯᠤᠯᠲᠠ ᠶᠢᠨ ᠠᠵᠢᠯ ᠢ ᠱᠠᠭᠠᠷᠳᠠᠨ ᠵᠢᠯᠤᠭᠤᠳᠴᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠬᠦᠳᠦᠯᠦᠨ ᠳᠠᠭᠠᠭᠤᠯᠬᠤ ᠬᠦᠴᠦᠨ ᠪᠠ ᠦᠢᠯᠡᠴᠢᠯᠡᠬᠦ ᠬᠦᠴᠦᠨ ᠢ ᠪᠦᠬᠦ ᠲᠠᠯ᠎ᠠ ᠪᠠᠷ ᠴᠢᠩᠭᠠᠷᠠᠭᠤᠯᠤᠭᠰᠠᠨ ᠪᠠᠶᠢᠨ᠎ᠠ᠃ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠢᠶᠠᠨ ᠶᠢᠨ ᠭᠸᠦ ᠪᠠᠯᠭᠠᠰᠤᠨ ᠤ ᠡᠪᠯᠡᠯ ᠤᠨ ᠬᠤᠷᠢᠶ᠎ᠠ ᠨᠢ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂  ᠰᠤᠷᠤᠯᠴᠠᠯᠭ᠎ᠠ ᠬᠦᠮᠦᠵᠢᠯ ᠢ ᠨᠠᠷᠢᠨ ᠬᠢᠨᠠᠮᠠᠭᠠᠶ ᠲᠦᠯᠦᠪᠵᠢᠬᠦᠯᠦᠨ᠂  ᠡᠪᠯᠡᠯ ᠤᠨ ᠡᠭᠦᠷ ᠢᠶᠠᠷ ᠦᠨᠳᠦᠰᠦᠨ ᠨᠢᠭᠡᠴᠡ ᠪᠣᠯᠭᠠᠵᠤ᠂ ︽ᠭᠤᠷᠪᠠᠨ ᠬᠤᠷᠠᠯ ᠬᠤᠶᠠᠷ ᠲᠦᠷᠢᠮ ᠨᠢᠭᠡ ᠬᠢᠴᠢᠶᠡᠯ︾ ᠲᠠᠢ ᠤᠶᠠᠯᠳᠤᠭᠤᠯᠤᠨ᠂ ︽ᠵᠠᠯᠠᠭᠤᠴᠤᠳ ᠤᠨ ᠶᠡᠭᠡ ᠰᠤᠷᠤᠯᠴᠠᠯᠭ᠎ᠠ︾ ᠭᠤᠤᠯ ᠰᠡᠳᠦᠪᠲᠦ  ᠬᠢᠴᠢᠶᠡᠯ ᠤᠨ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠪᠠᠯᠭᠠᠰᠤᠨ ᠤ ᠡᠪᠯᠡᠯ ᠤᠨ ᠭᠡᠰᠢᠭᠦᠨ ᠪᠠ ᠵᠠᠯᠠᠭᠤᠴᠤᠳ ᠢ ᠲᠠᠶᠢᠴᠢᠯᠠᠵᠤ ᠣᠨᠣᠯ ᠤᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠨ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠠᠢ᠃ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠬᠦ ᠶᠢ ᠳᠤᠪᠤᠶᠢᠯᠭᠠᠵᠤ᠂ ᠵᠠᠯᠠᠭᠤᠴᠤᠳ ᠤᠨ ᠬᠠᠷᠢᠭᠤᠴᠠᠯᠭ᠎ᠠ ᠡᠬᠦᠷᠭᠡᠯᠡᠯ ᠢ ᠢᠯᠡᠷᠡᠬᠦᠯᠦᠭᠰᠡᠨ᠃ ᠦᠢᠯᠡᠰ ᠪᠦᠳᠦᠭᠡᠭᠴᠢ ᠵᠠᠯᠠᠭᠤ ᠴᠢᠳᠠᠪᠤᠷᠢᠲᠠᠨ ᠢ  ᠢᠳᠡᠪᠬᠢᠳᠡᠢ ᠬᠥᠮᠦᠵᠢᠭᠦᠯᠵᠦ᠂ ᠲᠤᠰ ᠪᠠᠯᠭᠠᠰᠤᠨ ᠤ ᠴᠢᠶᠣᠤ ᠶᠠ ᠵᠧ ᠵᠡᠷᠭᠡ 18 ᠵᠠᠯᠠᠭᠤᠴᠤᠳ ᠨᠤᠲᠤᠭ ᠤᠰᠤᠨ ᠳᠠᠭᠠᠨ ᠦᠢᠯᠡᠰ ᠪᠤᠰᠬᠠᠨ᠂ ᠢᠳᠡᠰᠢᠨ ᠨᠣᠭᠤᠭ᠎ᠠ ᠲᠠᠷᠢᠬᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠤᠶᠤ  ᠲᠠᠷᠢᠶᠠᠯᠠᠩ ᠮᠠᠯᠵᠢᠯ ᠤᠨ ᠬᠤᠷᠰᠢᠶᠠᠵᠢᠯ ᠪᠠᠶᠢᠭᠤᠯᠬᠤ᠂ ᠦᠢᠯᠡᠴᠢᠯᠡᠭᠡᠨ ᠤ ᠦᠢᠯᠡᠰ ᠪᠤᠶᠤ ᠢᠳᠡᠭᠡᠨ ᠤᠮᠳᠠᠭᠠᠨ ᠤ ᠦᠢᠯᠡᠰ ᠡᠷᠬᠢᠯᠡᠬᠦ ᠪᠠᠷ ᠲᠠᠮᠵᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠤᠢ᠃ ︽ ᠭᠡᠷᠡᠭᠴᠡᠭᠡᠨ ᠤ ᠬᠢᠷᠢ ᠪᠠᠷ ᠲᠥᠯᠥᠪᠯᠡᠬᠦ᠂ ᠲᠣᠰᠬᠤᠨ ᠤ ᠪᠠᠶᠢᠳᠠᠯ ᠳᠤᠨᠢ ᠳᠣᠭᠢᠷᠠᠭᠤᠯᠬᠤ᠂ ᠬᠥᠮᠦᠨ ᠲᠤᠮᠢᠯᠠᠵᠤ ᠬᠠᠪᠰᠤᠷᠤᠨ ᠵᠢᠯᠤᠭᠤᠳᠬᠤ︾ ᠵᠠᠷᠴᠢᠮ ᠶᠣᠰᠣᠭᠠᠷ᠂ ᠪᠠᠯᠭᠠᠰᠤᠨ ᠤ ᠨᠠᠮ ᠤᠨ ᠭᠡᠰᠢᠭᠦᠨ᠂ ᠡᠪᠯᠡᠯ ᠤᠨ ᠭᠡᠰᠢᠭᠦᠨ ᠢ ᠲᠣᠰᠬᠤᠨ ᠤ ᠡᠷᠬᠢᠯᠡᠭᠴᠢ ᠶᠢᠨ ᠲᠤᠰᠠᠯᠠᠭᠴᠢ ᠪᠤᠶᠤ ᠲᠣᠰᠬᠤᠨ ᠤ ᠠᠷᠠᠳ ᠤᠨ ᠵᠥᠪᠯᠡᠯ ᠤᠨ ᠭᠡᠰᠢᠭᠦᠨ ᠢᠶᠠᠷ ᠰᠤᠩᠭᠤᠨ ᠲᠤᠮᠢᠯᠠᠵᠤ᠂ ᠲᠤᠰᠬᠤᠨ ᠤ ︽ᠬᠤᠶᠠᠷ ᠵᠦᠪᠯᠡᠯ︾ ᠳᠤ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠡᠯ᠎ᠡ ᠲᠦᠷᠦᠯ ᠤᠨ ᠠᠵᠢᠯ ᠢ ᠦᠷᠨᠢᠬᠦᠯᠪᠡ᠃ ᠤᠳᠤ 19 ᠨᠡᠷ᠎ᠡ ᠡᠪᠯᠡᠯ ᠤᠨ ᠭᠡᠰᠢᠭᠦᠨ  ᠵᠠᠯᠠᠭᠤᠴᠤᠳ ᠡᠯ᠎ᠡ ᠲᠤᠰᠬᠤᠨ ᠤ ᠨᠢᠭᠡᠳᠦᠭᠡᠷ ᠱᠦᠵᠢ᠂ ᠠᠵᠢᠯᠯᠠᠬᠤ ᠠᠩᠬᠢ ᠶᠢᠨ ᠳᠠᠷᠤᠭ᠎ᠠ ᠪᠤᠶᠤ ᠭᠡᠰᠢᠭᠦᠨ ᠤ ᠲᠤᠰᠢᠶᠠᠯ ᠢ ᠡᠭᠦᠷᠭᠡᠯᠡᠵᠦ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠮᠦᠨ᠎ᠡ ᠹᠠᠷᠤᠨᠲ  ᠲᠤ ᠭᠠᠪᠰᠢᠭᠠᠶᠢᠯᠠᠨ᠂ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠠᠵᠢᠯ ᠳᠤ ᠤᠷᠤᠯᠴᠠᠵᠤ᠂ ᠤᠯᠠᠨ ᠲᠦᠮᠡᠨ ᠤ ᠳᠡᠷᠭᠡᠳᠡ ᠬᠦᠨᠵᠡᠬᠡᠶᠢᠷᠡᠨ᠂ ᠤᠯᠠᠨ ᠲᠦᠮᠡᠨ ᠲᠠᠢ ᠬᠠᠮᠲᠤ ᠠᠵᠢᠯᠯᠠᠵᠤ᠂  ᠨᠤᠲᠤᠭ ᠤᠰᠤᠨ ᠤ ᠪᠠᠨ ᠬᠥᠭᠵᠢᠯᠲᠡ ᠳᠤ ᠵᠠᠯᠠᠭᠤ ᠨᠠᠰᠤᠨ ᠤ ᠪᠠᠨ ᠬᠦᠴᠦᠨ ᠴᠢᠳᠠᠯ ᠢ ᠡᠷᠬᠦᠵᠦ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号