ᠴᠢᠶᠠᠨ ᠶᠢᠨ ᠭᠸᠦ ᠪᠠᠯᠭᠠᠰᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/5/11
  5 ᠰᠠᠷ᠎ᠠ ᠶᠢᠨ 10 ᠤ ᠡᠳᠦᠷ᠂ ᠴᠢᠶᠠᠨ ᠶᠢᠨ ᠭᠸᠤ ᠪᠠᠯᠭᠠᠰᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠤᠢᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ   ᠪᠠᠶᠢᠷᠢᠯᠠᠭᠤᠯᠵᠠᠢ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽ᠲᠠᠶᠢᠹᠤᠰᠧ ᠬᠤᠰᠢᠭᠤᠨ ᠤ ᠭᠠᠴᠠᠭ᠎ᠠ ᠲᠣᠰᠬᠤᠨ ᠤ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠪᠡᠯᠡᠳᠬᠡᠯ ᠬᠦᠴᠦᠨ ᠢ ᠪᠤᠶᠢᠵᠢᠭᠤᠯᠤᠨ ᠨᠥᠭᠡᠴᠡᠯᠡᠬᠦ ᠬᠤᠶᠠᠷ ᠵᠢᠯ ︵2024-2025︶ ᠤᠨ ᠲᠦᠯᠦᠪᠯᠡᠭᠡᠨ ᠤ ᠬᠡᠷᠡᠭᠵᠢᠭᠦᠯᠬᠦ ᠲᠦᠰᠦᠪ︾ ᠤᠨ ᠵᠣᠷᠢᠭ ᠰᠠᠨᠠᠭ᠎ᠠ ᠶᠢ ᠤᠯᠠᠮᠵᠢᠯᠠᠨ᠂ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠯᠡᠬᠦ᠂ ᠨᠠᠮ ᠤᠨ ᠭᠡᠰᠢᠭᠦᠨ ᠡᠯᠰᠡᠬᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂  ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ᠂ ︽ᠭᠤᠷᠪᠠᠨ ᠶᠠᠪᠤᠳᠠᠯ︾ ᠢ ᠢᠯᠡ ᠪᠣᠯᠭᠠᠬᠤ᠂ ᠠᠶᠤᠯᠭᠦᠶ ᠦᠢᠯᠡᠳᠪᠦᠷᠢᠯᠡᠯ᠂  ᠨᠠᠭᠤᠷ ᠭᠤᠤᠯ ᠤᠨ ᠬᠠᠮᠠᠭᠠᠯᠠᠯᠳᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠬᠤᠷᠠᠯ ᠠᠴᠠ᠂ ᠪᠠᠯᠭᠠᠰᠤ ᠲᠠᠶᠠᠭᠠᠷ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠪᠠᠨ ᠲᠤᠳᠤᠷᠬᠠᠶᠢᠯᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂  ᠲᠠᠨᠢᠯᠲᠠ ᠪᠠᠨ ᠨᠢᠭᠡᠳᠬᠡᠨ᠂ ᠠᠰᠠᠭᠤᠳᠠᠯ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ ᠭᠠᠷ ᠲᠠᠭᠠᠨ ᠠᠳᠬᠤᠨ᠂   ᠬᠠᠷᠢᠭᠤᠴᠠᠯᠭ᠎ᠠ ᠶᠢ ᠮᠦᠷᠦᠨ ᠳᠡᠭᠡᠨ ᠡᠬᠦᠷᠭᠡᠯᠡᠵᠦ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠂ ᠦᠨᠳᠦᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠡᠯ᠎ᠡ ᠲᠦᠷᠦᠯ ᠤᠨ ᠡᠭᠦᠷᠭᠡ ᠬᠠᠷᠠᠯᠲᠠ ᠶᠢ ᠦᠨᠡᠨ ᠪᠤᠳᠠᠳᠠᠢ ᠮᠦᠷᠳᠡᠭᠡᠨ ᠨᠠᠷᠢᠨ  ᠬᠢᠨᠠᠮᠠᠭᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号