ᠲᠠᠶᠢᠹᠤᠰᠧ ᠬᠤᠰᠢᠭᠤ ᠰᠢᠲᠠᠮᠠᠬᠠᠢ ᠬᠡᠢ ᠶᠢᠨ ᠲᠤᠤᠷ ᠬᠤᠭᠤᠯᠠᠢ ᠶᠢᠨ ᠦᠬᠡᠷᠡᠴᠢᠯᠡᠯᠳᠡ ᠶᠢ ᠲᠦᠷᠭᠡᠳᠭᠡᠨ᠎ᠡ
ᠨᠡᠶᠢᠲᠡᠯᠡᠭᠰᠡᠨ ᠴᠠᠭ᠄
2024/5/13
   ᠬᠠᠭᠤᠴᠢᠨ ᠰᠢᠲᠠᠮᠠᠬᠠᠢ ᠬᠡᠢ ᠶᠢᠨ ᠲᠤᠤᠷ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠠᠶᠢᠵᠤ᠂ ᠬᠤᠳᠠ ᠪᠠᠯᠭᠠᠰᠤᠨ ᠤ ᠲᠣᠭᠲᠠᠭᠤᠨ ᠬᠥᠭᠵᠢᠯᠲᠡ ᠪᠠ ᠠᠷᠠᠳ ᠲᠦᠮᠡᠨ ᠤ ᠠᠵᠤ ᠠᠮᠢᠳᠤᠷᠠᠯ ᠲᠠᠢ ᠬᠤᠯᠪᠣᠭᠳᠠᠨ᠎ᠠ᠃ ᠡᠨᠡ ᠵᠢᠯ ᠲᠠᠶᠢᠹᠤᠰᠧ ᠬᠤᠰᠢᠭᠤ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠰᠢᠳᠠᠮᠠᠬᠠᠢ ᠬᠡᠢ ᠶᠢᠨ ᠲᠤᠤᠷ ᠬᠤᠭᠤᠯᠠᠢ ᠶᠢᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠢᠨᠵᠧᠨᠧᠷᠢᠩ ᠪᠣᠯᠭᠠᠨ ᠠᠬᠢᠭᠤᠯᠵᠤ᠂ ᠬᠡᠮ ᠰᠤᠭᠤᠭ ᠢ ᠠᠷᠢᠯᠭᠠᠨ ᠠᠮᠤᠷ ᠲᠦᠪᠰᠢᠨ ᠢ ᠪᠠᠳᠤᠯᠠᠵᠤ ᠪᠠᠶᠢᠨ᠎ᠠ᠃ ᠤᠶᠢᠷ᠎ᠠ ᠳᠤ᠂ ᠰᠤᠷᠪᠤᠯᠵᠢᠯᠠᠭᠴᠢ ᠪᠤᠤᠴᠠᠩ ᠪᠠᠯᠭᠠᠰᠤᠨ ᠤ ᠲᠠᠢ ᠴᠧᠩ ᠰᠠᠭᠤᠭᠠᠯᠢ ᠲᠣᠭᠤᠷᠢᠭ ᠤᠨ ᠰᠢᠳᠠᠮᠠᠬᠠᠢ ᠬᠡᠢ ᠶᠢᠨ ᠲᠤᠤᠷ ᠬᠤᠭᠤᠯᠠᠢ ᠶᠢ ᠥᠭᠡᠷᠡᠴᠢᠯᠡᠬᠦ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠬᠦ ᠳᠤ ᠭᠤᠤ ᠰᠤᠪᠠᠭ ᠢ ᠮᠠᠯᠳᠠᠵᠤ ᠲᠤᠤᠷ ᠬᠤᠭᠤᠯᠠᠢ ᠶᠢ ᠭᠠᠩᠨᠠᠬᠤ ᠠᠵᠢᠯ  ᠶᠠᠭ ᠬᠥᠷ ᠬᠥᠭᠵᠢᠶᠡᠨ ᠲᠠᠢ ᠶᠠᠪᠤᠭᠳᠠᠵᠤ ᠪᠠᠶᠢᠯ᠎ᠠ᠃    ᠬᠤᠰᠢᠭᠤᠨ ᠤ ᠣᠷᠣᠨ ᠰᠠᠭᠤᠴᠠ ᠶᠢᠨ ᠪᠠᠳᠤᠯᠠᠭᠠᠨ ᠤ ᠲᠥᠪ ᠤᠨ ᠳᠡᠳ᠋ ᠡᠷᠬᠢᠯᠡᠭᠴᠢ ᠯᠸᠢ ᡁᠢ ᠹᠸᠢ᠄ ︽ᠮᠠᠨ ᠤ ᠬᠤᠰᠢᠭᠤᠨ ᠤ ᠬᠡᠷᠡᠭᠵᠢᠭᠦᠯᠦᠭᠰᠡᠨ ᠰᠢᠲᠠᠮᠠᠬᠠᠶ ᠬᠡᠶ ᠶᠢᠨ ᠲᠤᠤᠷ ᠬᠤᠭᠤᠯᠠᠶ ᠪᠠ ᠬᠡᠶ ᠬᠠᠩᠭᠠᠬᠤ ᠦᠷᠳᠡᠭᠡᠨ ᠤ ᠦᠬᠡᠷᠡᠴᠢᠯᠡᠯᠳᠡ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ᠎ᠠ᠂ ᠡᠨᠡ ᠵᠢᠯ ᠤᠨ 5 ᠰᠠᠷ᠎ᠠ ᠳᠤ ᠠᠵᠢᠯ ᠢᠶᠠᠨ ᠰᠡᠷᠭᠦᠭᠡᠵᠦ᠂ 10 ᠰᠠᠷ᠎ᠠ ᠳᠤ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠣᠶ︾᠃    ᠲᠤᠤᠷ ᠬᠤᠭᠤᠯᠠᠶ ᠶᠢᠨ ᠦᠬᠡᠷᠡᠴᠢᠯᠡᠯᠳᠡ ᠶᠢ ᠡᠬᠢᠯᠡᠭᠦᠯᠦᠭᠰᠡᠨ ᠨᠢ ᠲᠠᠶᠢᠹᠤᠰᠧ ᠬᠤᠰᠢᠭᠤᠨ ᠤ ᠡᠨᠡ ᠵᠢᠯ ᠤᠨ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠴᠢᠨᠠᠭᠰᠢᠳᠠ ᠠᠬᠢᠭᠰᠠᠨ ᠢ ᠬᠠᠷᠠᠭᠤᠯᠵᠤ  ᠪᠤᠢ᠃ ᠣᠶᠢᠯᠠᠭᠠᠭᠰᠠᠨ ᠢᠶᠠᠷ᠂ ᠲᠤᠤᠷ ᠬᠤᠭᠤᠯᠠᠶ ᠶᠢᠨ ᠦᠬᠡᠷᠡᠴᠢᠯᠡᠯᠳᠡ ᠶᠢᠨ ᠢᠨᠵᠧᠨᠧᠷᠢᠩ ᠨᠢᠳᠤᠨᠤᠨ ᠤ 10 ᠰᠠᠷ᠎ᠠ ᠳᠤ ᠠᠵᠢᠯ ᠡᠬᠢᠯᠡᠵᠡᠢ᠂ ᠪᠦᠬᠦᠶᠢᠯᠡ ᠢᠨᠵᠧᠨᠧᠷᠢᠩ ᠤᠨ ᠬᠤᠭᠤᠴᠠᠭ᠎ᠠ ᠨᠢ 2 ᠵᠢᠯ  ᠂ 2024 ᠣᠨ ᠳᠤ 17  ᠺᠢᠯᠤᠮᠧᠲᠷ ᠲᠤᠤᠷ ᠬᠤᠭᠤᠯᠠᠢ ᠳᠤ ᠦᠬᠡᠷᠡᠴᠢᠯᠡᠯᠳᠡ ᠬᠢᠵᠦ᠂ ᠬᠡᠶ ᠬᠠᠩᠭᠠᠬᠤ ᠥᠷᠲᠡᠭᠡ ᠳᠤ 2000m³᠎ ᠤᠨ ᠬᠡᠶᠢᠵᠢᠬᠦᠯᠦᠭᠦᠷ 2 ᠰᠠᠤᠷᠢ  ᠂ 2000m³᠎ ᠤᠨ ᠳᠠᠷᠤᠯᠲᠠ ᠲᠣᠬᠢᠷᠠᠭᠤᠯᠬᠤ ᠬᠡᠮᠵᠢᠯᠲᠡ ᠶᠢᠨ ᠲᠥᠬᠦᠭᠡᠷᠦᠮᠵᠢ 1 ᠰᠠᠤᠷᠢ ᠶᠢ  ᠰᠢᠨ᠎ᠡ ᠪᠠᠷ ᠤᠭᠰᠠᠷᠠᠬᠤ ᠪᠠᠷ ᠲᠦᠯᠦᠪᠯᠡᠵᠡᠢ᠃ ᠡᠨᠡ ᠵᠢᠯ ᠤᠨ ᠲᠤᠤᠷ ᠬᠤᠭᠤᠯᠠᠢ ᠶᠢᠨ ᠦᠬᠡᠷᠡᠴᠢᠯᠡᠯᠳᠡ ᠎ ᠶᠢᠨ ᠠᠵᠢᠯ ᠨᠢ ᠪᠥᠬᠦ ᠬᠤᠰᠢᠭᠤᠨ ᠤ 5 ᠰᠠᠭᠤᠭᠠᠯᠢ ᠲᠣᠭᠤᠷᠢᠭ ᠪᠠ  ᠰᠠᠭᠤᠭᠠᠯᠢ ᠲᠤᠭᠤᠷᠢᠭ ᠤᠨ ᠤᠶᠢᠷ᠎ᠠ ᠬᠠᠪᠢ ᠎ ᠶᠢᠨ ᠭᠡᠰᠡᠭ ᠭᠠᠵᠠᠷ ᠤᠷᠤᠨ ᠳᠤ ᠬᠤᠯᠪᠣᠭᠳᠠᠵᠤ᠂ ᠨᠡᠶᠢᠲᠡ 4600 ᠭᠠᠷᠤᠢ ᠰᠠᠭᠤᠭᠠᠯᠢ ᠠᠷᠠᠳ ᠲᠤ ᠠᠰᠢᠭ ᠬᠦᠷᠳᠡᠭᠡᠬᠦ ᠪᠤᠯᠤᠨ᠎ᠠ᠃ ᠲᠠᠶᠢᠹᠤᠰᠧ ᠬᠤᠰᠢᠭᠤᠨ ᠤ ᠬᠢᠨ ᠡᠶᠢᠨ ᠬᠦ᠋ ᠬᠠᠭᠤᠴᠢᠨ ᠲᠤᠤᠷ ᠬᠤᠭᠤᠯᠠᠶ ᠶᠢ ᠢᠳᠡᠭᠳᠡᠯ ᠳᠤ ᠲᠠᠭᠠᠭᠠᠮᠠᠭᠠᠢ ᠰᠢᠨ᠎ᠡ ᠬᠡᠯᠪᠡᠷᠢ ᠶᠢᠨ ᠮᠠᠲ᠋ᠧᠷᠢᠶᠠᠯ ᠢᠶᠠᠷ ᠰᠤᠯᠢᠵᠤ᠂  ᠲᠤᠤᠷ ᠬᠤᠭᠤᠯᠠᠶ ᠶᠢᠨ ᠠᠮᠤᠷ ᠲᠦᠪᠰᠢᠨ ᠤ ᠬᠢᠷᠢ ᠬᠡᠮᠵᠢᠶ᠎ᠡ ᠪᠠ ᠭᠡᠷᠡᠭᠯᠡᠭᠡᠨ ᠤ ᠠᠮᠢ ᠨᠠᠰᠤ ᠶᠢ ᠳᠡᠭᠡᠭᠰᠢᠯᠡᠭᠦᠯᠬᠦ  ᠎ ᠪᠠᠷ ᠲᠠᠮᠵᠢᠭᠠᠳ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠰᠠᠭᠤᠭᠠᠯᠢ ᠠᠷᠠᠳ ᠤᠨ ᠰᠢᠳᠠᠮᠠᠬᠠᠢ ᠬᠡᠢ ᠶᠢᠨ ᠬᠠᠩᠭᠠᠯᠭ᠎ᠠ ᠪᠠ ᠬᠡᠢ ᠬᠡᠷᠡᠭᠯᠡᠬᠦ ᠠᠮᠤᠷ ᠲᠦᠪᠰᠢᠨ ᠢ ᠪᠠᠳᠤᠯᠠᠨ᠂ ᠬᠤᠲᠠ ᠪᠠᠯᠭᠠᠰᠤᠨ ᠤ ᠠᠮᠤᠷ ᠲᠦᠪᠰᠢᠨ ᠤ ︽ᠠᠮᠢᠨ ᠰᠤᠳᠠᠰᠤ︾᠎ ᠶᠢ ᠬᠠᠮᠠᠭᠠᠯᠠᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号