5 ᠰᠠᠷ᠎ᠠ ᠶᠢᠨ 12 ᠤ ᠡᠳᠦᠷ ᠂ ︽ᠣᠯᠠᠨ ᠤᠯᠤᠰ ᠤᠨ ᠰᠤᠪᠢᠯᠠᠭᠴᠢ ᠶᠢᠨ ᠪᠠᠶᠠᠷ︾ ᠬᠦᠷᠴᠦ ᠢᠷᠡᠬᠦ | ᠲᠠᠰᠢᠷᠠᠮ ᠢᠶᠠᠷ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠡᠮᠴᠢ ᠰᠤᠪᠢᠯᠠᠭᠴᠢᠳ ᠢᠶᠠᠨ | ᠵᠣᠬᠢᠶᠠᠨ ᠪᠠᠶᠢᠭᠤᠯᠵᠤ ᠪᠦᠦ ᠹᠧᠩ ᠨᠡᠶᠢᠭᠡᠮ ᠲᠣᠭᠤᠷᠢᠭ ᠲᠤ ᠬᠦᠨᠵᠡᠬᠡᠶᠢᠷᠡᠨ᠂ ︽ᠠᠷᠠᠳ ᠣᠯᠠᠨ ᠳᠤ ᠦᠢᠯᠡᠴᠢᠯᠡᠵᠦ | ᠡᠷᠡᠭᠦᠯ ᠮᠡᠨᠳᠦ ᠶᠢ ᠬᠠᠮᠠᠭᠠᠯᠠᠬᠤ︾ ᠦᠢᠯᠡᠴᠢᠯᠡᠭᠡᠨ ᠤ ᠰᠢᠷᠢᠰ ᠠᠵᠢᠯᠯᠠᠭ᠎ᠠ ᠥᠷᠨᠢᠭᠦᠯᠪᠠ᠃ ᠠᠬᠤᠢ ᠲᠠᠯᠠᠪᠠᠶ ᠳᠤ᠂ | ᠡᠮᠨᠡᠯᠭᠡ ᠶᠢᠨ ᠬᠤᠷᠢᠶᠠᠨ ᠤ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠡᠮᠴᠢ ᠰᠤᠪᠢᠯᠠᠭᠴᠢᠳ ᠡᠪᠡᠳᠴᠢᠨ | ᠦᠵᠡᠭᠦᠯᠬᠦ ᠪᠠᠷ ᠢᠷᠡᠭᠰᠡᠨ ᠰᠠᠭᠤᠭᠠᠯᠢ ᠠᠷᠠᠳ ᠨᠢᠭᠡᠪᠦᠷᠢ ᠶᠢ ᠬᠠᠯᠠᠭᠤᠨ ᠢᠶᠠᠷ ᠤᠭᠳᠤᠨ ᠠᠪᠴᠤ᠂ ᠲᠡᠳᠡᠨ ᠳᠤ | ᠴᠢᠰᠤᠨ ᠳᠠᠷᠤᠯᠲᠠ ᠴᠢᠰᠤᠨ ᠰᠢᠬᠢᠷ ᠢ ᠬᠡᠮᠵᠢᠬᠦ᠂ ᠰᠤᠳᠠᠯ ᠪᠠᠷᠢᠵᠤ ᠡᠪᠡᠳᠴᠢᠨ ᠢ ᠤᠨᠤᠰᠢᠯᠠᠬᠤ ᠵᠡᠷᠭᠡ ᠦᠨ᠎ᠡ | ᠲᠦᠯᠦᠪᠦᠷᠢ ᠦᠬᠡᠢ ᠦᠢᠯᠡᠴᠢᠯᠡᠭᠡ ᠬᠠᠩᠭᠠᠬᠤ ᠶᠢᠨ ᠬᠠᠮᠳᠤ᠂ ᠠᠷᠠᠳ ᠢᠷᠭᠡᠳ ᠤᠨ ᠠᠰᠠᠭᠤᠭᠰᠠᠨ ᠡᠯ᠎ᠡ ᠵᠦᠢᠯ ᠤᠨ | ᠠᠰᠠᠭᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠨ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠵᠦ᠂ ᠡᠳᠦᠷ ᠲᠤᠳᠤᠮ | ᠳᠤ ᠭᠡᠷᠡᠭᠯᠡᠳᠡᠭ ᠨᠢᠬᠡ ᠪᠦᠯᠦᠭ ᠡᠮ ᠲᠠᠩ ᠢ ᠦᠨ᠎ᠡ ᠲᠦᠯᠦᠪᠦᠷᠢ ᠦᠬᠡᠢ ᠲᠠᠷᠬᠠᠭᠠᠭᠰᠠᠨ ᠪᠠᠶᠢᠨ᠎ᠠ᠃ ᠲᠦᠷᠭᠡᠨ | ᠡᠮᠨᠡᠯᠭᠡ ᠶᠢᠨ ᠰᠠᠯᠠᠭᠠᠨ ᠤ ᠰᠤᠪᠢᠯᠠᠭᠴᠢ ᠠᠴᠠ ᠪᠠᠰᠠ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠷᠭ᠎ᠠ ᠵᠡᠷᠭᠡ | ᠲᠦᠷᠭᠡᠨ ᠠᠪᠤᠷᠠᠯᠲᠠ ᠶᠢᠨ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠦᠵᠡᠭᠦᠯᠵᠦ᠂ ᠰᠠᠭᠤᠭᠠᠯᠢ ᠠᠷᠠᠳ ᠢ ᠤᠷᠢᠵᠤ | ᠰᠤᠷᠢᠯᠳᠠ ᠳᠤ ᠤᠷᠤᠯᠴᠠᠭᠤᠯᠤᠭᠠᠳ ᠡᠷᠡᠬᠦᠯ ᠮᠡᠨᠳᠦ ᠶᠢᠨ ᠭᠡᠨᠡᠳᠲᠡ ᠶᠢᠨ ᠪᠠᠶᠢᠳᠠᠯ ᠢ ᠠᠷᠭᠠᠴᠠᠬᠤ ᠴᠢᠳᠠᠪᠤᠷᠢ ᠶᠢ ᠨᠢ | ᠨᠡᠮᠡᠭᠳᠡᠬᠦᠯᠵᠡᠢ᠃ | ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠭᠴᠢ ᠶᠢᠨ ᠬᠡᠯᠲᠡᠰ ᠤᠨ ᠳᠠᠷᠤᠭ᠎ᠠ | ᠼᠤᠤ ᠯᠠᠨ᠄ ︽ᠡᠷᠡᠭᠦᠯ ᠡᠩᠬᠡ ᠳᠤᠮᠳᠠᠳᠤ ᠤᠯᠤᠰ︾ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠲᠠᠢ | ᠤᠶᠠᠯᠳᠤᠭᠤᠯᠵᠤ᠂ ᠮᠠᠨ ᠤ ᠡᠮᠨᠡᠯᠬᠡ ᠶᠢᠨ ᠬᠤᠷᠢᠶ᠎ᠠ ᠨᠢ ᠣᠯᠠᠨ ᠲᠦᠮᠡᠨ ᠳᠤ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠪᠠ ᠲᠦᠷᠭᠡᠨ ᠠᠪᠤᠷᠠᠯᠳᠠ ᠶᠢᠨ ᠠᠵᠢᠯᠯᠠᠭ᠎ᠠ ᠶᠢ ᠵᠠᠯᠭᠠᠭ᠎ᠠ ᠬᠢᠵᠦ ᠪᠠᠶᠢᠨ᠎ᠠ᠃ | ᠰᠤᠪᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠪᠢᠳᠡ ᠪᠠᠰᠠ ᠦᠨᠳᠦᠰᠦᠨ ᠱᠠᠲᠤᠨ ᠳᠤ ᠬᠦᠨᠵᠡᠬᠡᠶᠢᠷᠡᠨ | ᠠᠯᠪᠠᠨ ᠵᠢᠷᠤᠮ ᠤᠨ ᠡᠮᠴᠢᠯᠡᠭᠡ ᠬᠢᠵᠦ ᠣᠯᠠᠨ ᠲᠦᠮᠡᠨ ᠳᠤ ᠦᠢᠯᠡᠴᠢᠯᠡᠬᠦ ᠶᠢᠨ ᠬᠠᠮᠳᠤ᠂ ᠰᠤᠪᠢᠯᠠᠭᠴᠢ ᠶᠢᠨ ᠡᠩᠨᠡᠭᠡ | ᠪᠠᠨ ᠨᠠᠩ ᠰᠠᠶᠢᠨ ᠲᠠᠪᠳᠠᠨ ᠪᠤᠯᠪᠠᠰᠤᠷᠠᠭᠤᠯᠵᠤ᠂ ᠬᠢᠷᠢ ᠴᠢᠳᠠᠪᠤᠷᠢ ᠶᠢ ᠨᠢ ᠤᠯᠠᠮ ᠲᠡᠭᠡᠭᠰᠢᠯᠡᠬᠦᠯᠵᠡᠢ᠂ ᠬᠤᠶᠢᠰᠢᠳᠠ | ᠴᠤ ᠭᠡᠰᠡᠨ ᠡᠶᠢᠮᠦᠷᠬᠦ ᠠᠵᠢᠯᠯᠠᠭ᠎ᠠ ᠶᠢ ᠦᠷᠭᠦᠯᠵᠢ ᠦᠷᠨᠢᠬᠦᠯᠦᠨ᠎ᠡ︾᠃ | ᠰᠠᠭᠤᠭᠠᠯᠢ ᠠᠷᠠᠳ ᠭᠦᠸᠧ ᠬᠤᠸᠠ᠄ ︽ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠪᠦᠦ | ᠹᠧᠩ ᠨᠡᠶᠢᠭᠡᠮ ᠲᠣᠭᠤᠷᠢᠭ ᠲᠠᠭᠠᠨ ᠲᠠᠯᠠᠷᠬᠠᠵᠤ ᠪᠠᠶᠢᠨ᠎ᠠ᠂ ᠠᠷᠠᠳ ᠢᠷᠭᠡᠳ ᠢᠯᠠᠩᠭᠤᠶ᠎ᠠ ᠨᠠᠰᠤᠲᠠᠶᠢᠴᠤᠳ ᠲᠤ ᠮᠠᠰᠢ | ᠶᠡᠭᠡ ᠲᠥᠬᠦᠮ ᠦᠵᠡᠭᠦᠯᠵᠦ ᠬᠠᠪᠰᠤᠷᠤᠯᠭ᠎ᠠ ᠪᠤᠯᠤᠯ᠎ᠠ᠂ ᠤᠳᠤ ᠪᠢᠳᠡ ᠪᠠᠷᠤᠭ ᠬᠡᠷ ᠠᠴᠠ ᠭᠠᠷᠬᠤ ᠥᠬᠡᠶ ᠪᠠᠷ | ᠡᠪᠡᠳᠴᠢᠨ ᠢᠶᠠᠨ ᠦᠵᠡᠬᠦᠯᠵᠦ ᠪᠠᠶᠢᠭ᠎ᠠ ᠯᠠ ᠳ᠋ᠠ︾᠃ |