ᠲᠠᠶᠢᠹᠤᠰᠧ ᠬᠤᠰᠢᠭᠤᠨ ᠤ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ
ᠨᠡᠶᠢᠲᠡᠯᠡᠭᠰᠡᠨ ᠴᠠᠭ᠄
2024/5/13
  ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠬᠢ ᠶᠢᠨ ᠳᠠᠪᠠᠭᠤᠯᠢᠭ ᠢ ᠪᠠᠳᠠᠷᠠᠭᠤᠯᠵᠤ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠦᠨᠡᠨᠴᠢ ᠢᠲᠡᠭᠡᠮᠵᠢᠲᠡᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠨᠢᠭᠡᠴᠡ ᠪᠠᠷ ᠬᠡᠪ ᠪᠠᠷᠢᠮᠵᠢᠶ᠎ᠠ ᠪᠣᠯᠭᠠᠵᠤ᠂ ᠠᠷᠠᠳ ᠣᠯᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠬᠦᠯᠦᠨ᠂ ᠬᠠᠤᠯᠢ ᠴᠠᠭᠠᠵᠠ ᠶᠢᠨ ᠨᠡᠶᠢᠲᠡ ᠶᠢᠨ ᠢᠳᠡᠭᠡᠮᠵᠢ ᠶᠢᠨ ᠬᠦᠴᠦᠨ ᠢ  ᠴᠢᠩᠭᠠᠷᠠᠭᠤᠯᠵᠤ ᠪᠠᠶᠢᠨ᠎ᠠ᠃  ᠵᠠᠭᠠᠯᠳᠤᠯᠭ᠎ᠠ ᠶᠢᠨ ᠠᠷᠭ᠎ᠠ ᠵᠠᠮ ᠢ ᠰᠢᠯᠤᠭᠤᠳᠬᠠᠬᠤ᠂ ᠬᠠᠮᠲᠤᠷᠠᠭᠰᠠᠨ ᠬᠤᠷᠠᠯ ᠬᠤᠷᠠᠯᠳᠤᠭᠤᠯᠬᠤ᠂ ᠬᠠᠤᠯᠢᠴᠢ ᠶᠢᠨ ᠦᠨᠡᠨᠴᠢ ᠢᠲᠡᠭᠡᠮᠵᠢᠲᠡᠶ ᠪᠠᠷ ᠠᠵᠢᠯ ᠡᠷᠭᠢᠯᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ᠂ ᠦᠨᠡᠨᠴᠢ ᠢᠳᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠬᠠᠤᠯᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠪᠠ᠃ ᠠᠯᠪᠠᠨ ᠭᠡᠷᠡᠴᠢᠯᠡᠭᠡ  ᠂ ᠬᠠᠤᠯᠢ ᠴᠠᠭᠠᠵᠠ ᠶᠢᠨ ᠲᠤᠰᠠᠯᠠᠮᠵᠢ   ᠵᠡᠷᠭᠡ  ᠦᠢᠯᠡᠴᠢᠯᠡᠭᠡᠨ ᠤ ᠠᠵᠢᠯ ᠲᠦᠷᠦᠯ ᠳᠤ ᠴᠢᠭᠯᠡᠬᠦᠯᠵᠦ᠂ ᠰᠠᠭᠠᠳ ᠦᠭᠡᠢ ᠨᠡᠪᠲᠡᠷᠡᠬᠦ ᠵᠠᠮ᠂ ᠰᠠᠭᠠᠳ ᠦᠭᠡᠢ ᠨᠡᠪᠳᠡᠷᠡᠬᠦ ᠴᠣᠩᠬᠤᠪᠴᠢ ᠶᠢ ᠭᠠᠷᠭᠠᠨ᠂ ᠠᠮᠠᠯᠠᠯᠲᠠ ᠶᠢᠨ ᠳᠦᠷᠢᠮ ᠂ ᠬᠠᠷᠢᠭᠤᠴᠠᠯᠭ᠎ᠠ ᠶᠢᠨ ᠳᠦᠷᠢᠮ᠂ ᠴᠠᠭ ᠲᠤᠭᠳᠠᠨ  ᠭᠦᠢᠴᠡᠳᠬᠡᠬᠦ ᠳᠦᠷᠢᠮ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠵᠡᠷᠭᠡ ᠳᠦᠷᠢᠮ ᠲᠤᠭᠳᠠᠭᠠᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠤᠨ ᠢᠲᠡᠭᠡᠯ ᠢ ᠣᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠵᠡᠢ᠃ ᠬᠠᠤᠯᠢ ᠴᠠᠭᠠᠵᠠ ᠶᠢᠨ ᠲᠣᠪᠴᠢᠶ᠎ᠠ ᠨᠢ  ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠬᠡᠵᠢᠬᠦᠯᠬᠦ ᠪᠠᠷ ᠦᠨᠳᠦᠰᠦ  ᠪᠤᠯᠭᠠᠨ᠂ ᠦᠨᠡᠨᠴᠢ ᠢᠲᠡᠭᠡᠮᠵᠢ ᠶᠢᠨ ᠬᠥᠮᠦᠵᠢᠯ ᠢ ᠪᠦᠬᠦ ᠺᠠᠳ᠋ᠷ ᠠᠵᠢᠯᠳᠠᠨ᠂ ᠬᠠᠤᠯᠢ ᠶᠢᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠶᠣᠰᠣ ᠮᠣᠷᠠᠯ ᠤᠨ ᠪᠠᠶᠢᠭᠤᠯᠤᠯᠳᠠ ᠪᠠ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠺᠠᠳ᠋ᠷ ᠠᠵᠢᠯᠲᠠᠨ ᠤ ᠰᠤᠷᠤᠯᠴᠠᠯᠭ᠎ᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠦᠨᠡᠨᠴᠢ ᠢᠲᠡᠭᠡᠮᠵᠢ ᠶᠢᠨ ᠪᠠᠢᠭᠤᠯᠤᠯᠲᠠ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠢ ᠦᠷᠨᠢᠬᠦᠯᠦᠭᠰᠡᠨ ᠤ ᠬᠠᠮᠲᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠯ ᠬᠦᠮᠦᠵᠢᠯ ᠤᠨ ᠠᠷᠭ᠎ᠠ ᠮᠠᠶ᠋ᠢᠭ ᠢᠶᠠᠷ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠪᠤᠯᠪᠠᠰᠤᠷᠠᠯ ᠬᠦᠷᠳᠡᠭᠡᠨ᠂ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠴᠢᠨᠠᠭᠰᠢᠳᠠ ᠲᠡᠭᠡᠭᠰᠢᠯᠡᠬᠦᠯᠵᠦ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠪᠣᠶ ᠪᠣᠯᠭᠠᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃  ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠶᠢ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳᠤ ᠲᠥᠬᠦᠮ ᠦᠵᠡᠬᠦᠯᠦᠨ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮᠵᠢ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号