ᠲᠠᠶᠢᠹᠤᠰᠧ ᠬᠤᠰᠢᠭᠤᠨ ᠤ ᠬᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/5/13
  5 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠲᠠᠶᠢᠹᠤᠰᠧ ᠬᠤᠰᠢᠭᠤᠨ ᠤ ᠮᠢᠬᠠᠨ ᠤ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠢᠴᠢ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ ᠡᠬᠦᠯᠳᠡᠷ ᠢ ᠰᠠᠶᠢᠵᠢᠷᠠᠭᠤᠯᠬᠤ ᠮᠡᠷᠭᠡᠵᠢᠯ ᠤᠨ ᠪᠣᠯᠪᠠᠰᠤᠷᠠᠯ ᠠᠮᠵᠢᠯᠲᠠ ᠲᠠᠢ ᠲᠡᠭᠦᠰᠪᠡ᠃ ᠡᠨᠡ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠸᠠᠩ ᠹᠧᠩ ᠳ᠋ᠣᠺᠲ᠋ᠣᠷ  ᠪᠠ ᠯᠤᠸᠠᠨ ᠴᠢᠩ ᠵᠢᠶᠠᠩ ᠪᠠᠭᠰᠢ ᠶᠢ ᠤᠷᠢᠵᠤ ᠬᠢᠴᠢᠶᠡᠯ ᠤᠷᠤᠭᠤᠯᠵᠠᠢ᠃ ᠣᠨᠣᠯ ᠤᠨ ᠬᠢᠴᠢᠶᠡᠯ ᠨᠢ ᠭᠤᠤᠯᠳᠠᠭᠤ ᠬᠠᠰᠢᠶᠠᠯᠠᠨ ᠮᠠᠯᠵᠢᠵᠤ ᠨᠤᠲᠤᠭ ᠪᠡᠯᠴᠢᠭᠡᠷ ᠢ ᠬᠠᠮᠠᠭᠠᠯᠠᠬᠤ᠂  ᠰᠠᠶᠢᠨ ᠡᠬᠦᠯᠳᠡᠷ ᠤᠨ ᠦᠬᠡᠷ ᠢ ᠦᠷᠡᠵᠢᠬᠦᠯᠬᠦ ᠪᠠ ᠭᠠᠷ ᠬᠡᠭᠡᠯᠲᠦᠭᠦᠯᠭᠡ ᠶᠢᠨ ᠮᠡᠷᠭᠡᠵᠢᠯ  ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠣᠭᠤᠷᠢᠨ ᠳᠤ  ᠶᠠᠪᠤᠭᠳᠠᠵᠤ᠂  ᠦᠢᠯᠡᠳᠦᠯᠭᠡ ᠶᠢᠨ ᠬᠢᠴᠢᠶᠡᠯ ᠲᠡᠭᠡᠷ᠎ᠡ ᠲᠤᠰᠬᠠᠢ ᠮᠡᠷᠭᠡᠵᠢᠯᠳᠡᠨ  ᠠᠴᠠ ᠬᠡᠭᠡᠯᠲᠦᠭᠦᠯᠭᠡ ᠶᠢᠨ ᠠᠵᠢᠯᠳᠠᠳ ᠢ ᠵᠢᠯᠤᠭᠤᠳᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠮᠡᠷᠭᠡᠵᠢᠯ ᠤᠨ ᠪᠤᠳᠠᠳᠤ  ᠪᠤᠯᠪᠠᠰᠤᠷᠠᠯ ᠬᠢᠯᠭᠡᠭᠰᠡᠨ ᠤ ᠬᠠᠮᠳᠤ  ᠠᠵᠢᠯᠯᠠᠬᠤ ᠶᠠᠪᠤᠴᠠ ᠳᠤ ᠪᠠᠶᠢᠩᠭᠤ ᠲᠣᠬᠢᠶᠠᠯᠳᠤᠬᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠦᠭᠬᠦᠭᠰᠡᠨ ᠪᠠᠶᠢᠨ᠎ᠠ᠃ ᠪᠤᠯᠪᠠᠰᠤᠷᠠᠯ ᠲᠠᠭᠤᠰᠤᠭᠰᠠᠨ ᠤ ᠲᠠᠷᠠᠭ᠎ᠠ ᠪᠠᠰᠠ ᠠᠵᠢᠯ ᠤᠨ ᠪᠠᠶᠢᠷᠢ ᠳᠤ ᠭᠠᠷᠬᠤ ᠰᠢᠯᠭᠠᠯᠲᠠ ᠬᠢᠵᠦ᠂ ᠣᠨᠣᠯ ᠪᠠ  ᠦᠢᠯᠡᠳᠦᠯᠭᠡ ᠶᠢᠨ ᠰᠢᠯᠭᠠᠯᠲᠠ ᠳᠤ ᠪᠦᠷ ᠬᠢᠷᠢ ᠲᠡᠩᠴᠡᠭᠰᠡᠨ ᠠᠵᠢᠯᠳᠠᠳ ᠲᠤ  ᠬᠢᠷᠢ ᠬᠡᠮ ᠤᠨ ᠦᠨᠡᠮᠯᠡᠯ ᠢ ᠨᠢᠭᠡᠳᠦᠯᠲᠡᠶ ᠤᠯᠭᠤᠪᠠ᠃  ᠡᠨᠡ ᠤᠳᠠᠭᠠᠨ ᠤ ᠪᠣᠯᠪᠠᠰᠤᠷᠠᠯ ᠨᠢ ᠪᠥᠬᠦ ᠬᠤᠰᠢᠭᠤᠨ ᠤ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ  ᠠᠵᠢᠯᠲᠠᠨ ᠳᠤ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠮᠡᠷᠭᠡᠵᠢᠯ ᠢ ᠨᠠᠩ ᠭᠦᠨᠵᠡᠭᠡᠶ ᠡᠵᠡᠮᠰᠢᠬᠦᠯᠵᠦ᠂ ᠲᠡᠳᠡᠨ ᠤ ᠲᠤᠰᠬᠠᠶ ᠮᠡᠷᠭᠡᠵᠢᠯ ᠤᠨ ᠬᠢᠷᠢ ᠲᠦᠪᠰᠢᠨ ᠪᠠ ᠪᠣᠳᠠᠲᠠᠶ ᠠᠵᠢᠯ ᠤᠨ ᠬᠢᠷᠢ ᠴᠢᠳᠠᠪᠤᠷᠢ ᠶᠢ ᠨᠢ ᠪᠦᠲᠦᠮᠵᠢᠲᠡᠶ   ᠲᠡᠭᠡᠭᠰᠢᠯᠡᠬᠦᠯᠦᠨ᠂ ᠤᠯᠠᠮᠵᠢᠯᠠᠯᠲᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠵᠤ᠂ ᠡᠭᠦᠨ ᠤ ᠤᠯᠠᠮ ᠢᠶᠠᠷ ᠡᠷᠭᠢᠨ ᠲᠣᠭᠤᠷᠢᠨ ᠤ ᠠᠵᠤ ᠠᠬᠤᠢ ᠶᠢᠨ ᠬᠥᠭᠵᠢᠯᠲᠡ ᠶᠢ ᠨᠥᠯᠥᠭᠡᠯᠡᠨ ᠳᠠᠶᠢᠴᠢᠯᠠᠵᠤ᠂ ᠣᠳᠣ ᠦᠶ᠎ᠡ ᠶᠢᠨ ᠮᠠᠯ ᠠᠵᠤ ᠠᠬᠤᠢ ᠶᠢ ᠵᠢᠯᠤᠭᠤᠳᠤᠨ  ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢ ᠶᠢ ᠲᠠᠯᠪᠢᠭᠰᠠᠨ ᠪᠠᠶᠢᠨ᠎ᠠ᠃ ᠭᠤᠷᠪᠠᠨ ᠡᠳᠦᠷ ᠤᠨ ᠬᠤᠭᠤᠴᠠᠭ᠎ᠠ ᠲᠠᠢ ᠡᠨᠡ ᠤᠳᠠᠭᠠᠨ ᠤ ᠪᠣᠯᠪᠠᠰᠤᠷᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠭᠤᠤᠯᠯᠠᠨ ᠡᠷᠭᠢᠯᠡᠵᠦ᠂  ᠪᠥᠬᠦ ᠬᠤᠰᠢᠭᠤᠨ ᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠭᠤᠤᠯᠳᠠᠯᠭ᠎ᠠ ᠲᠠᠢ ᠡᠷᠦᠬᠡ᠂ ᠰᠤᠮᠤ ᠰᠢᠶᠠᠩ ᠪᠠᠯᠭᠠᠰᠤᠨ ᠤ ᠢᠴᠡᠭᠡᠯ ᠦᠷ᠎ᠡ ᠶᠢᠨ ᠬᠡᠬᠡᠯᠳᠦᠯᠭᠡ ᠶᠢᠨ ᠠᠵᠢᠯᠳᠠᠳ ᠪᠣᠯᠪᠠᠰᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号