ᠲᠠᠶᠢᠹᠤᠰᠧ ᠬᠤᠰᠢᠭᠤ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/5/13
   ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠨᠢᠭᠤᠴᠠ ᠶᠢ ᠬᠠᠮᠠᠭᠠᠯᠠᠬᠤ ᠤᠬᠠᠮᠰᠠᠷ ᠢ ᠤᠯᠠᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 11 ᠤ ᠡᠳᠦᠷ ᠲᠠᠶᠢᠹᠤᠰᠧ ᠬᠤᠰᠢᠭᠤᠨ ᠤ ᠬᠢᠨ 2024  ᠤᠨ ᠤ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠤᠷᠤᠯᠳᠤᠭᠠᠨ ᠡᠷᠬᠢᠯᠡᠪᠡ᠃ ᠡᠨᠡ ᠤᠳᠠᠭᠠᠨ ᠤ ᠤᠷᠤᠯᠳᠤᠭᠠᠨ ᠢ ᠪᠡᠯᠡᠳᠬᠡᠯ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠬᠤᠶᠠᠷ ᠲᠠᠯᠠᠪᠤᠷ ᠬᠤᠪᠢᠶᠠᠵᠤ᠂ ᠨᠢᠭᠤᠴᠠ ᠳᠤ ᠬᠤᠯᠪᠣᠭᠳᠠᠬᠤ ᠬᠥᠮᠦᠰ ᠤᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠲᠣᠭᠲᠠᠭᠠᠯ᠂ ᠮᠡᠳᠡᠭᠡ ᠵᠠᠩᠭᠢ ᠶᠢᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠵᠡᠷᠭᠡ ᠲᠠᠯ᠎ᠠ ᠶᠢᠨ ᠨᠢᠭᠤᠴᠠ ᠶᠢ ᠬᠠᠮᠠᠭᠠᠯᠠᠬᠤ ᠮᠡᠳᠡᠯᠭᠡ ᠪᠠᠷ ᠭᠤᠤᠯ ᠠᠭᠤᠯᠭ᠎ᠠ ᠪᠤᠯᠭᠠᠵᠠᠢ᠃  ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠶᠢᠨ 21 ᠠᠩᠭᠢ ᠨᠢᠬᠡᠴᠡ ᠤᠷᠤᠯᠳᠤᠭᠠᠨ ᠳᠤ ᠤᠷᠤᠯᠴᠠᠵᠤ᠂ ᠬᠤᠷᠴᠠ ᠰᠢᠷᠦᠭᠦᠨ ᠥᠷᠢᠰᠥᠯᠳᠦᠭᠡᠨ ᠢᠶᠠᠷ ᠲᠠᠮᠵᠢᠭᠠᠳ ᠴᠢᠶᠠᠨ ᠶᠢᠨ ᠭᠸᠦ ᠪᠠᠯᠭᠠᠰᠤᠨ ᠤ ᠲᠥᠯᠥᠭᠡᠯᠡᠭᠴᠢᠳ ᠤᠨ ᠠᠩᠭᠢ ᠲᠡᠷᠢᠬᠦᠯᠡᠵᠦ᠂ ᠬᠤᠩ ᠴᠢ ᠪᠠᠯᠭᠠᠰᠤᠨ ᠤ ᠲᠥᠯᠥᠭᠡᠯᠡᠭᠴᠢᠳ ᠤᠨ ᠠᠩᠭᠢ᠂ ᠬᠢᠨᠠᠨ ᠪᠤᠳᠤᠬᠤ ᠲᠤᠪᠴᠢᠶᠠᠨ ᠤ ᠲᠥᠯᠥᠭᠡᠯᠡᠭᠴᠢᠳ ᠤᠨ ᠠᠩᠭᠢ ᠲᠡᠳ᠋ᠯᠡᠨ᠂  ᠯᠦᠸᠧ ᠲᠦᠸᠧ ᠱᠠᠨ ᠪᠠᠯᠭᠠᠰᠤ᠂ ᠠᠵᠢᠯᠴᠢᠨ ᠤ ᠶᠡᠷᠦᠩᠬᠡᠶ ᠡᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠨᠡᠷᠡᠰ ᠲᠤ ᠰᠢᠯᠭᠠᠷᠠᠪᠠ᠃  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᠶᠠ ᠱᠧᠩ ᠲᠤᠬᠠᠶ ᠶᠢᠨ ᠲᠠᠯᠠᠪᠤᠷ ᠲᠤ ᠬᠦᠷᠴᠦ ᠤᠷᠤᠯᠳᠤᠭᠠᠨ ᠢ ᠰᠣᠨᠢᠷᠬᠠᠭᠰᠠᠨ ᠪᠥᠭᠡᠳ ᠱᠠᠩᠨᠠᠯ ᠭᠠᠷᠳᠠᠭᠤᠯᠵᠠᠢ᠃  ᠡᠨᠡ ᠤᠳᠠᠭᠠᠨ ᠤ ᠤᠷᠤᠯᠳᠤᠭᠠᠨ ᠢ ᠬᠤᠰᠢᠭᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠪᠠ ᠨᠢᠭᠤᠴᠠ ᠴᠢᠬᠤᠯᠠ ᠮᠠᠲ᠋ᠧᠷᠢᠶᠠᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ‍ᠤᠨ‌ᠬᠤᠷᠢᠶ᠎ᠠ ᠠᠴᠠ ᠭᠤᠤᠯᠯᠠᠨ ᠡᠷᠬᠢᠯᠡᠵᠦ᠂  ᠵᠠᠯᠠᠭᠤᠴᠤᠳ ᠪᠠᠭᠠᠴᠤᠳ ᠤᠨ ᠬᠦᠳᠡᠯᠪᠦᠷᠢ ᠶᠢᠨ ᠲᠥᠪ ᠠᠴᠠ ᠳᠠᠭᠠᠭᠠᠴᠢᠯᠠᠨ ᠡᠷᠬᠢᠯᠡᠭᠰᠡᠨ ᠪᠠᠶᠢᠨ᠎ᠠ᠃ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠠᠵᠢᠯᠲᠠᠨ ᠤ ᠤᠯᠤᠰ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠣᠶᠢᠯᠠᠭᠠᠯᠲᠠ ᠲᠠᠨᠢᠯᠳᠠ ᠶᠢ ᠤᠯᠠᠮ ᠭᠦᠨᠵᠡᠭᠡᠶᠢᠷᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠤᠯᠤᠰ ᠤᠨ ᠨᠢᠭᠤᠴᠠ ᠶᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠨ᠂  ᠤᠯᠤᠰ ᠤᠨ ᠠᠮᠤᠷ ᠲᠦᠪᠰᠢᠨ ᠤ ᠬᠠᠮᠠᠭᠠᠯᠠᠯᠳᠠ  ᠳᠤ ᠪᠥᠬᠦ ᠠᠷᠠᠳ ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠪᠠᠶᠢᠳᠠᠯ ᠤᠨ ᠪᠤᠢ ᠪᠤᠯᠬᠤ ᠶᠢ ᠠᠬᠢᠭᠤᠯᠵᠠᠢ᠃ ᠤᠷᠤᠯᠳᠤᠭᠠᠨ ᠳᠤ ᠣᠷᠣᠯᠴᠠᠭᠰᠠᠳ ︽ᠬᠤᠶᠢᠰᠢᠳᠠ ᠶᠢᠨ ᠠᠵᠢᠯ ᠤᠨ ᠳᠤᠮᠳᠠ ᠪᠠᠨ ᠨᠢᠭᠤᠴᠠ ᠶᠢ ᠬᠠᠮᠠᠭᠠᠯᠠᠬᠤ ᠠᠵᠢᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠢᠯ ᠤᠨ ᠨᠢᠭᠤᠴᠠ ᠶᠢ ᠬᠠᠮᠠᠭᠠᠯᠠᠬᠤ ᠬᠠᠤᠯᠢ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ︾ ᠬᠡᠵᠦ ᠢᠯᠡᠷᠭᠡᠶᠢᠯᠡᠵᠡᠬᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号