5 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ | ᠳᠠᠷᠤᠭ᠎ᠠ ᠹᠠᠨ ᠬᠤᠸᠠ ᠮᠢᠨ ᠵᠡᠷᠭᠡ ᠬᠦᠮᠦᠰ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠳᠤ | ᠭᠦᠨᠵᠡᠭᠡᠶᠢᠷᠡᠵᠦ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠲᠥᠷᠥᠯ ᠵᠦᠢᠯ ᠤᠨ ᠲᠣᠭᠤᠷᠢᠨ ᠳᠤ | ᠬᠤᠷᠠᠯ ᠬᠢᠵᠦ ᠶᠠᠷᠢᠯᠴᠠᠨ ᠰᠣᠯᠢᠯᠴᠠᠪᠠ᠃ ᠹᠠᠨ ᠬᠤᠸᠠ ᠮᠢᠨ ᠠᠴᠠ᠂ ᠨᠢᠭᠡ ᠳᠤ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠲᠥᠷᠥᠯ ᠵᠦᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ᠂ ᠪᠡᠷᠭᠡᠰᠢᠶᠡᠯᠳᠦ ᠴᠢᠨᠠᠷ ᠢ ᠭᠦᠨᠵᠡᠭᠡᠶ | ᠡᠵᠡᠮᠳᠡᠨ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠬᠠᠮᠳᠤᠷᠠᠯᠴᠠᠭᠠᠨ ᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ᠃ | ᠬᠤᠶᠠᠷ ᠲᠤ ᠲᠥᠷᠥᠯ ᠵᠦᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠪᠠᠳᠤᠯᠠᠨ᠂ ᠲᠥᠷᠥᠯ ᠵᠦᠢᠯ ᠤᠨ | ᠲᠦᠰᠦᠪ ᠢ ᠲᠡᠭᠦᠯᠳᠡᠷᠵᠢᠭᠦᠯᠵᠦ᠂ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠴᠢᠩᠭᠠᠳᠬᠠᠨ᠂ ᠡᠷᠲᠡᠬᠡᠨ | ᠠᠵᠢᠯ ᠡᠬᠢᠯᠡᠬᠦ᠂ ᠡᠷᠲᠡᠬᠡᠨ ᠠᠵᠢᠯ ᠲᠡᠬᠦᠰᠬᠦ ᠂ ᠡᠷᠲᠡᠬᠡᠨ ᠦᠷ᠎ᠡ ᠠᠰᠢᠭ ᠤᠯᠬᠤ ᠶᠢ ᠪᠠᠲᠤᠯᠠᠬᠤ ᠬᠡᠷᠡᠭᠲᠡᠢ᠃ | ᠭᠤᠷᠪᠠ ᠳᠤ ︽ᠨᠢᠳᠦᠨ ᠡᠮᠦᠨᠡᠬᠢ ᠠᠮᠵᠢᠯᠳᠠ︾ ᠪᠠ ︽ᠠᠯᠤᠰ ᠬᠡᠲᠦ ᠶᠢᠨ ᠬᠥᠭᠵᠢᠯᠲᠡ︾ ᠶᠢ ᠬᠠᠷᠢᠯᠴᠠᠨ | ᠤᠶᠠᠯᠳᠤᠭᠤᠯᠵᠤ᠂ ᠲᠥᠷᠥᠯ ᠵᠦᠢᠯ ᠤᠨ ᠶᠠᠰᠤ ᠴᠢᠨᠠᠷ ᠪᠠ ᠣᠷᠳᠣ ᠬᠤᠭᠤᠴᠠᠭᠠᠨ ᠤ ᠦᠷ᠎ᠡ ᠪᠦᠲᠦᠮᠵᠢ ᠶᠢ ᠦᠨᠡᠨᠬᠦ | ᠪᠠᠳᠤᠯᠠᠨ᠂ ᠴᠢᠨᠠᠷ ᠰᠠᠶᠢᠲᠠᠶ ᠲᠥᠷᠥᠯ ᠵᠦᠢᠯ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ | ᠲᠤᠯᠭᠠᠭᠤᠷᠢᠯᠠᠵᠤ᠂ ᠡᠭᠦᠷᠭᠡ ᠬᠠᠷᠠᠯᠲᠠ ᠶᠢ ᠤᠷᠤᠭᠰᠢᠲᠠᠶ ᠪᠡᠶᠡᠯᠡᠭᠦᠯᠬᠦ ᠬᠡᠷᠡᠭᠲᠡᠢ᠃ ᠲᠦᠷᠪᠡ ᠳᠤ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠦᠨᠡᠨᠬᠦ | ᠪᠠᠳᠤᠳᠬᠠᠨ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠡᠮᠬᠢ ᠵᠢᠷᠤᠮ ᠲᠠᠢ ᠠᠬᠢᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠬᠡᠷᠡᠭᠲᠡᠢ᠃ ᠲᠠᠪᠤ ᠳᠤ ᠬᠠᠤᠯᠢ ᠲᠦᠷᠢᠮ ᠤᠨ ᠲᠠᠭᠠᠤ ᠲᠦᠷᠦᠯ ᠵᠦᠢᠯ ᠢ ᠭᠡᠷᠡᠭᠵᠢᠬᠦᠯᠵᠦ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠨ᠂ ᠬᠤᠷᠢᠭ᠎ᠠ ᠱᠤᠭᠤᠮ ᠢ | ᠡᠷᠡᠰ ᠪᠠᠶᠢᠭᠤᠯᠵᠤ᠂ ᠬᠠᠮᠳᠤᠷᠠᠯᠴᠠᠭᠠᠨ ᠤ ᠲᠦᠷᠦᠯ ᠵᠦᠢᠯ ᠤᠨ ᠪᠠᠯᠠ ᠮᠥᠩᠭᠦ ᠨᠢᠭᠡᠪᠦᠷᠢ ᠶᠢ ᠪᠣᠳᠠᠲᠠᠶ ᠭᠠᠵᠠᠷ ᠲᠤᠨᠢ | ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠪᠴᠢᠶ᠎ᠠ᠂ ᠶᠦᠩ ᠹᠧᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠶᠠᠷᠢᠯᠴᠠᠬᠤ | ᠬᠤᠷᠠᠯ ᠳᠤ ᠣᠷᠣᠯᠴᠠᠪᠠ᠃ |