ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠮᠡᠳᠡᠯᠭᠡ ᠶᠢ ᠲᠦᠬᠡᠮᠡᠯᠵᠢᠬᠦᠯᠵᠦ᠂ ᠣᠯᠠᠨ ᠲᠦᠮᠡᠨ ᠤ | ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠤᠬᠠᠮᠰᠠᠷ ᠲᠠᠨᠢᠯᠳᠠ ᠪᠠ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠵᠠᠶᠢᠯᠠᠬᠤ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 12 ᠤᠨ ᠡᠳᠦᠷ | ᠲᠠᠶᠢᠹᠤᠰᠧ ᠬᠤᠰᠢᠭᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ | ᠠᠷᠭᠠᠴᠠᠨ᠂ ᠦᠨᠳᠦᠰᠦᠨ ᠱᠠᠲᠤᠨ ᠤ ᠭᠠᠮᠰᠢᠭ ᠠᠴᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ︾ ᠪᠠᠷ ᠭᠤᠤᠯ | ᠰᠡᠳᠦᠪ ᠪᠣᠯᠭᠠᠭᠰᠠᠨ ︽ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠡᠳᠦᠷ︾ ᠤ᠊ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤ ᠳᠠᠷᠤᠭ᠎ᠠ ᠹᠠᠨ ᠬᠤᠸᠠ ᠮᠢᠨ᠂ ᠬᠤᠰᠢᠭᠤᠨ ᠤ ᠭᠠᠮᠰᠢᠭ ᠢ ᠰᠡᠷᠭᠡᠶᠢᠯᠡᠬᠦ ᠵᠥᠪᠯᠡᠯ ᠤᠨ ᠡᠯ᠎ᠡ ᠭᠡᠰᠢᠬᠦᠨ | ᠨᠢᠬᠡᠴᠡ ᠪᠠ ᠠᠪᠤᠷᠠᠨ ᠲᠤᠰᠠᠯᠠᠬᠤ ᠠᠩᠭᠢ ᠶᠢᠨ ᠬᠢᠨ ᠠᠵᠢᠯᠯᠠᠭ᠎ᠠ ᠳᠤ ᠤᠷᠤᠯᠴᠠᠵᠠᠢ᠃ ᠠᠬᠤᠢ ᠲᠠᠯᠠᠪᠠᠢ ᠳᠤ᠂ | ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠤᠷᠢᠶ᠎ᠠ ᠡᠯᠭᠦᠬᠦ᠂ ᠤᠬᠠᠭᠤᠯᠭ᠎ᠠ ᠶᠢᠨ ᠰᠠᠮᠪᠠᠷ᠎ᠠ | ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠭᠠᠮᠰᠢᠭ ᠢ ᠰᠡᠷᠭᠡᠶᠢᠯᠡᠨ ᠬᠤᠬᠢᠷᠠᠯ ᠢ | ᠪᠠᠭᠠᠰᠬᠠᠬᠤ ᠮᠡᠳᠡᠯᠭᠡ ᠶᠢ ᠨᠡᠶᠢᠭᠡᠮ ᠨᠡᠶᠢᠲᠡ ᠳᠤ ᠤᠬᠠᠭᠤᠯᠤᠨ ᠲᠦᠬᠡᠮᠡᠯᠵᠢᠬᠦᠯᠵᠦ᠂ ᠤᠯᠠᠨ ᠲᠦᠮᠡᠨ ᠤ ᠭᠠᠮᠰᠢᠭ ᠢ | ᠰᠡᠷᠭᠡᠶᠢᠯᠡ᠊ ᠬᠤᠬᠢᠷᠠᠯ ᠢ ᠪᠠᠭᠠᠰᠬᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠭᠠᠮᠰᠢᠭ ᠢ ᠰᠡᠷᠭᠡᠶᠢᠯᠡᠨ ᠬᠤᠬᠢᠷᠠᠯ ᠢ | ᠪᠠᠭᠠᠰᠬᠠᠬᠤ ᠬᠢᠷᠢ ᠴᠢᠳᠠᠪᠤᠷᠢ ᠶᠢ ᠲᠡᠭᠡᠭᠰᠢᠯᠡᠬᠦᠯᠦᠭᠰᠡᠨ ᠪᠠᠶᠢᠨ᠎ᠠ᠃ ᠡᠭᠦᠨ ᠤ ᠬᠠᠮᠲᠤ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠡᠭᠡ ᠠᠩᠭᠢ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠩᠭᠢ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠠᠪᠤᠷᠠᠨ ᠲᠤᠰᠠᠯᠠᠬᠤ ᠠᠩᠭᠢ᠂ ᠯᠠᠨ ᠲᠢᠶᠠᠨ ᠠᠪᠤᠷᠠᠨ ᠲᠤᠰᠠᠯᠠᠬᠤ ᠠᠩᠭᠢ ᠶᠢᠨ | ᠬᠢᠨ ᠪᠠᠰᠠ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠤᠨ ᠦᠵᠡᠭᠦᠯᠦᠯᠭᠡ ᠬᠢᠵᠡᠢ᠃ ᠡᠨᠡ ᠤᠳᠠᠭᠠᠨ ᠤ | ᠠᠵᠢᠯᠯᠠᠭ᠎ᠠ ᠳᠤ 4000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 50 ᠭᠠᠷᠤᠶ | ᠤᠬᠠᠭᠤᠯᠭ᠎ᠠ ᠶᠢᠨ ᠰᠠᠮᠪᠠᠷ᠎ᠠ ᠶᠢ ᠪᠤᠰᠬᠠᠨ᠂ 20 ᠭᠠᠷᠤᠶ ᠤᠬᠠᠭᠤᠯᠭ᠎ᠠ ᠶᠢᠨ ᠲᠡᠷᠭᠡ ᠶᠢ ᠬᠥᠳᠡᠯᠭᠡᠵᠦ᠂ 500 | ᠭᠠᠷᠤᠶ ᠬᠥᠮᠦᠨ ︵ᠤᠳᠠᠭ᠎ᠠ︶ ᠤ ᠠᠰᠠᠭᠤᠵᠤ ᠯᠠᠪᠯᠠᠭᠰᠠᠨ ᠵᠦᠢᠯ ᠳᠤ ᠬᠠᠷᠢᠭᠤᠯᠳᠠ ᠦᠭᠬᠦᠭᠰᠡᠨ ᠪᠠᠶᠢᠨ᠎ᠠ᠃ |