ᠠᠯᠪᠠᠨ ᠵᠢᠷᠤᠮ ᠤᠨ ᠡᠮᠴᠢᠯᠡᠭᠡ ᠬᠢᠵᠦ ᠪᠠᠶᠠᠷ ᠤᠨ ᠡᠳᠦᠷ ᠢᠶᠠᠨ ᠲᠡᠮᠳᠡᠭᠯᠡᠪᠡ
ᠨᠡᠶᠢᠲᠡᠯᠡᠭᠰᠡᠨ ᠴᠠᠭ᠄
2024/5/13
  5 ᠰᠠᠷ᠎ᠠ ᠶᠢᠨ 12 ᠤ ᠡᠳᠦᠷ  ᠂ ︽ᠣᠯᠠᠨ ᠤᠯᠤᠰ ᠤᠨ ᠰᠤᠪᠢᠯᠠᠭᠴᠢ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠡᠮᠴᠢ ᠰᠤᠪᠢᠯᠠᠭᠴᠢᠳ ᠢᠶᠠᠨ ᠵᠣᠬᠢᠶᠠᠨ ᠪᠠᠶᠢᠭᠤᠯᠵᠤ ᠪᠦᠦ ᠹᠧᠩ ᠨᠡᠶᠢᠭᠡᠮ ᠲᠣᠭᠤᠷᠢᠭ ᠲᠤ ᠬᠦᠨᠵᠡᠬᠡᠶᠢᠷᠡᠨ᠂ ︽ᠠᠷᠠᠳ ᠣᠯᠠᠨ ᠳᠤ ᠦᠢᠯᠡᠴᠢᠯᠡᠵᠦ ᠡᠷᠡᠭᠦᠯ ᠮᠡᠨᠳᠦ ᠶᠢ ᠬᠠᠮᠠᠭᠠᠯᠠᠬᠤ︾  ᠦᠢᠯᠡᠴᠢᠯᠡᠭᠡᠨ ᠤ ᠰᠢᠷᠢᠰ ᠠᠵᠢᠯᠯᠠᠭ᠎ᠠ ᠥᠷᠨᠢᠭᠦᠯᠪᠠ᠃ ᠠᠬᠤᠢ ᠲᠠᠯᠠᠪᠠᠶ ᠳᠤ᠂ ᠡᠮᠨᠡᠯᠭᠡ ᠶᠢᠨ ᠬᠤᠷᠢᠶᠠᠨ ᠤ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠡᠮᠴᠢ ᠰᠤᠪᠢᠯᠠᠭᠴᠢᠳ ᠡᠪᠡᠳᠴᠢᠨ ᠦᠵᠡᠭᠦᠯᠬᠦ ᠪᠠᠷ ᠢᠷᠡᠭᠰᠡᠨ ᠰᠠᠭᠤᠭᠠᠯᠢ ᠠᠷᠠᠳ ᠨᠢᠭᠡᠪᠦᠷᠢ ᠶᠢ ᠬᠠᠯᠠᠭᠤᠨ ᠢᠶᠠᠷ ᠤᠭᠳᠤᠨ ᠠᠪᠴᠤ᠂ ᠲᠡᠳᠡᠨ ᠳᠤ ᠴᠢᠰᠤᠨ ᠳᠠᠷᠤᠯᠲᠠ ᠴᠢᠰᠤᠨ ᠰᠢᠬᠢᠷ ᠢ ᠬᠡᠮᠵᠢᠬᠦ᠂ ᠰᠤᠳᠠᠯ ᠪᠠᠷᠢᠵᠤ ᠡᠪᠡᠳᠴᠢᠨ ᠢ ᠤᠨᠤᠰᠢᠯᠠᠬᠤ ᠵᠡᠷᠭᠡ ᠦᠨ᠎ᠡ ᠲᠦᠯᠦᠪᠦᠷᠢ ᠦᠬᠡᠢ ᠦᠢᠯᠡᠴᠢᠯᠡᠭᠡ ᠬᠠᠩᠭᠠᠬᠤ ᠶᠢᠨ ᠬᠠᠮᠳᠤ᠂ ᠠᠷᠠᠳ ᠢᠷᠭᠡᠳ ᠤᠨ ᠠᠰᠠᠭᠤᠭᠰᠠᠨ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠨ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠵᠦ᠂  ᠡᠳᠦᠷ ᠲᠤᠳᠤᠮ  ᠳᠤ ᠭᠡᠷᠡᠭᠯᠡᠳᠡᠭ ᠨᠢᠬᠡ ᠪᠦᠯᠦᠭ ᠡᠮ ᠲᠠᠩ ᠢ ᠦᠨ᠎ᠡ ᠲᠦᠯᠦᠪᠦᠷᠢ ᠦᠬᠡᠢ ᠲᠠᠷᠬᠠᠭᠠᠭᠰᠠᠨ ᠪᠠᠶᠢᠨ᠎ᠠ᠃ ᠲᠦᠷᠭᠡᠨ ᠡᠮᠨᠡᠯᠭᠡ ᠶᠢᠨ ᠰᠠᠯᠠᠭᠠᠨ ᠤ ᠰᠤᠪᠢᠯᠠᠭᠴᠢ   ᠠᠴᠠ ᠪᠠᠰᠠ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠷᠭ᠎ᠠ ᠵᠡᠷᠭᠡ ᠲᠦᠷᠭᠡᠨ ᠠᠪᠤᠷᠠᠯᠲᠠ ᠶᠢᠨ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠦᠵᠡᠭᠦᠯᠵᠦ᠂ ᠰᠠᠭᠤᠭᠠᠯᠢ ᠠᠷᠠᠳ ᠢ ᠤᠷᠢᠵᠤ ᠰᠤᠷᠢᠯᠳᠠ ᠳᠤ ᠤᠷᠤᠯᠴᠠᠭᠤᠯᠤᠭᠠᠳ ᠡᠷᠡᠬᠦᠯ ᠮᠡᠨᠳᠦ ᠶᠢᠨ ᠭᠡᠨᠡᠳᠲᠡ ᠶᠢᠨ ᠪᠠᠶᠢᠳᠠᠯ ᠢ ᠠᠷᠭᠠᠴᠠᠬᠤ ᠴᠢᠳᠠᠪᠤᠷᠢ ᠶᠢ ᠨᠢ ᠨᠡᠮᠡᠭᠳᠡᠬᠦᠯᠵᠡᠢ᠃    ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠭᠴᠢ ᠶᠢᠨ ᠬᠡᠯᠲᠡᠰ ᠤᠨ ᠳᠠᠷᠤᠭ᠎ᠠ ᠼᠤᠤ ᠯᠠᠨ᠄ ︽ᠡᠷᠡᠭᠦᠯ ᠡᠩᠬᠡ ᠳᠤᠮᠳᠠᠳᠤ ᠤᠯᠤᠰ︾ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠲᠠᠢ ᠤᠶᠠᠯᠳᠤᠭᠤᠯᠵᠤ᠂ ᠮᠠᠨ ᠤ ᠡᠮᠨᠡᠯᠬᠡ ᠶᠢᠨ ᠬᠤᠷᠢᠶ᠎ᠠ ᠨᠢ ᠣᠯᠠᠨ ᠲᠦᠮᠡᠨ ᠳᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠪᠠ ᠲᠦᠷᠭᠡᠨ ᠠᠪᠤᠷᠠᠯᠳᠠ ᠶᠢᠨ ᠠᠵᠢᠯᠯᠠᠭ᠎ᠠ ᠶᠢ ᠵᠠᠯᠭᠠᠭ᠎ᠠ ᠬᠢᠵᠦ ᠪᠠᠶᠢᠨ᠎ᠠ᠃  ᠰᠤᠪᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠪᠢᠳᠡ ᠪᠠᠰᠠ ᠦᠨᠳᠦᠰᠦᠨ ᠱᠠᠲᠤᠨ ᠳᠤ ᠬᠦᠨᠵᠡᠬᠡᠶᠢᠷᠡᠨ ᠠᠯᠪᠠᠨ ᠵᠢᠷᠤᠮ ᠤᠨ ᠡᠮᠴᠢᠯᠡᠭᠡ ᠬᠢᠵᠦ ᠣᠯᠠᠨ ᠲᠦᠮᠡᠨ ᠳᠤ ᠦᠢᠯᠡᠴᠢᠯᠡᠬᠦ ᠶᠢᠨ ᠬᠠᠮᠳᠤ᠂ ᠰᠤᠪᠢᠯᠠᠭᠴᠢ ᠶᠢᠨ ᠡᠩᠨᠡᠭᠡ  ᠪᠠᠨ ᠨᠠᠩ ᠰᠠᠶᠢᠨ ᠲᠠᠪᠳᠠᠨ ᠪᠤᠯᠪᠠᠰᠤᠷᠠᠭᠤᠯᠵᠤ᠂  ᠬᠢᠷᠢ ᠴᠢᠳᠠᠪᠤᠷᠢ ᠶᠢ ᠨᠢ ᠤᠯᠠᠮ ᠲᠡᠭᠡᠭᠰᠢᠯᠡᠬᠦᠯᠵᠡᠢ᠂ ᠬᠤᠶᠢᠰᠢᠳᠠ ᠴᠤ ᠭᠡᠰᠡᠨ ᠡᠶᠢᠮᠦᠷᠬᠦ ᠠᠵᠢᠯᠯᠠᠭ᠎ᠠ ᠶᠢ ᠦᠷᠭᠦᠯᠵᠢ ᠦᠷᠨᠢᠬᠦᠯᠦᠨ᠎ᠡ︾᠃       ᠰᠠᠭᠤᠭᠠᠯᠢ ᠠᠷᠠᠳ ᠭᠦᠸᠧ ᠬᠤᠸᠠ᠄ ︽ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠪᠦᠦ ᠹᠧᠩ ᠨᠡᠶᠢᠭᠡᠮ ᠲᠣᠭᠤᠷᠢᠭ ᠲᠠᠭᠠᠨ ᠲᠠᠯᠠᠷᠬᠠᠵᠤ ᠪᠠᠶᠢᠨ᠎ᠠ᠂ ᠠᠷᠠᠳ ᠢᠷᠭᠡᠳ ᠢᠯᠠᠩᠭᠤᠶ᠎ᠠ ᠨᠠᠰᠤᠲᠠᠶᠢᠴᠤᠳ ᠲᠤ ᠮᠠᠰᠢ ᠶᠡᠭᠡ ᠲᠥᠬᠦᠮ ᠦᠵᠡᠭᠦᠯᠵᠦ ᠬᠠᠪᠰᠤᠷᠤᠯᠭ᠎ᠠ ᠪᠤᠯᠤᠯ᠎ᠠ᠂ ᠤᠳᠤ ᠪᠢᠳᠡ ᠪᠠᠷᠤᠭ ᠬᠡᠷ ᠠᠴᠠ ᠭᠠᠷᠬᠤ ᠥᠬᠡᠶ ᠪᠠᠷ ᠡᠪᠡᠳᠴᠢᠨ ᠢᠶᠠᠨ ᠦᠵᠡᠬᠦᠯᠵᠦ ᠪᠠᠶᠢᠭ᠎ᠠ ᠯᠠ ᠳ᠋ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号